ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠡᠭᠡᠵᠢᠩ ᠶᠡᠭᠡ ᠰᠤᠷᠭᠠᠭᠤᠯᠢ ᠳᠤ ᠬᠦᠷᠴᠦ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠬᠠᠮᠲᠤᠷᠠᠯᠴᠠᠭᠠᠨ ᠤ ᠲᠠᠪᠴᠠᠩ ᠪᠠᠶᠢᠭᠤᠯᠬᠤ ᠶᠢ ᠵᠣᠯᠭᠠᠭᠤᠯᠪᠠ
ᠨᠡᠶᠢᠲᠡᠯᠡᠭᠰᠡᠨ ᠴᠠᠭ᠄
2023/11/21
      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠣᠨ ᠪᠡᠭᠡᠵᠢᠩ ᠶᠡᠭᠡ ᠰᠤᠷᠭᠠᠭᠤᠯᠢ ᠶᠢᠨ ᠭᠠᠷ ᠤᠨ ᠦᠰᠦᠭ ᠵᠢᠷᠤᠭᠰᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ 11 ᠰᠠᠷ᠎ᠠ ᠶᠢᠨ 17  ᠤ ᠡᠳᠦᠷ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠢ ᠳᠠᠭᠠᠭᠤᠯᠵᠤ ᠂ ᠪᠡᠭᠡᠵᠢᠩ ᠶᠡᠭᠡ ᠰᠤᠷᠭᠠᠭᠤᠯᠢ ᠶᠢᠨ ᠤᠳᠤ ᠦᠶ᠎ᠡ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠂ ᠠᠺᠠᠳᠧᠮᠢᠴᠢ ᠵᠠᠩ ᠶᠢᠨ ᠪᠣᠯᠣᠨ ᠠᠺᠠᠳᠧᠮᠢᠴᠢ ᠴᠧᠨ ᠰᠢᠤᠸᠠᠢ ᠮᠧᠢ ᠶᠢᠨ ᠪᠦᠯᠬᠦᠮ ᠤᠨ ᠬᠠᠷᠢᠭᠤᠴᠠᠯᠭᠠᠲᠠᠨ ᠲᠠᠢ ᠵᠣᠯᠭᠠᠯᠴᠠᠭ᠎ᠠ ᠶᠢᠨ ᠶᠠᠷᠢᠯᠴᠠᠬᠤ ᠬᠤᠷᠠᠯ ᠬᠢᠵᠡᠢ ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠾᠧ ᠢ ᠪᠢᠩ ᠶᠠᠷᠢᠯᠴᠠᠬᠤ ᠬᠤᠷᠠᠯ ᠳᠤ ᠣᠷᠣᠯᠴᠠᠪᠠ ᠃
1.jpg
       ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ᠭᠤᠤᠯᠳᠠᠭᠤ ᠳᠣᠣᠷᠠᠬᠢ ᠭᠤᠷᠪᠠᠨ ᠲᠠᠯ᠎ᠠ ᠪᠠᠷ ᠬᠠᠮᠲᠤᠷᠠᠨ ᠠᠵᠢᠯᠯᠠᠵᠤ ᠂ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠪᠣᠯᠤᠨ᠎ᠠ᠃      ᠬᠤᠶᠠᠷ ᠲᠠᠯ᠎ᠠ ᠪᠠᠷ ᠢᠶᠠᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠥᠷᠨᠢᠭᠦᠯᠵᠦ ᠂ ᠬᠤᠶᠠᠷ ᠬᠦᠬᠦᠷᠲᠦ ᠠᠯᠺᠣᠣᠯ ᠤᠨ ᠬᠡᠯᠬᠢᠶ᠎ᠡ ᠶᠢ ᠥᠷᠭᠡᠳᠬᠡᠨ ᠳᠠᠬᠢᠯᠲᠠ ᠬᠤᠨᠢᠨ ᠨᠣᠣᠰᠣᠨ ᠤ ᠰᠢᠷᠬᠡᠭᠯᠢᠭ ᠢ ᠨᠡᠮᠡᠭᠳᠡᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠷᠳᠣᠰ ᠤᠨ ᠽᠢ ᠶᠤᠸᠠᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠯᠦ ᠸᠠᠩ ᠢᠮᠠᠭᠠᠨ ᠨᠤᠤᠯᠤᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠳ᠋ᠦᠩ ᠷᠦᠩ ᠢᠮᠠᠭᠠᠨ ᠨᠤᠤᠯᠤᠭᠤᠷ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠵᠡᠷᠭᠡ ᠳᠠᠭᠠᠭᠤᠯᠤᠭᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠺᠠᠳᠧᠮᠢᠴᠢ ᠵᠠᠩ ᠶᠢᠨ᠂ ᠱᠣᠣ ᠶᠤᠸᠠᠨ ᠯᠦᠩ ᠤᠨ ᠪᠦᠯᠬᠦᠮ ᠪᠣᠯᠣᠨ ᠪᠡᠭᠡᠵᠢᠩ ᠤᠨ ᠱᠢ ᠮᠤᠸᠧ ᠰᠢ ᠶᠢᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠬᠤ ᠤᠴᠢᠷ ᠶᠠᠪᠤᠳᠠᠯ ᠢ ᠵᠦᠪᠳᠡᠯᠴᠡᠨ᠂ ᠬᠤᠶᠠᠷ ᠬᠦᠬᠦᠷᠲᠦ ᠠᠯᠺᠣᠣᠯ ᠤᠨ ᠬᠡᠯᠬᠢᠶ᠎ᠡ ᠶᠢ ᠥᠷᠭᠡᠳᠬᠡᠨ ᠳᠠᠬᠢᠯᠲᠠ ᠬᠤᠨᠢᠨ ᠨᠣᠣᠰᠣᠨ ᠤ ᠰᠢᠷᠬᠡᠭᠯᠢᠭ ᠤᠨ ᠮᠡᠷᠭᠡᠵᠢᠯ ᠢ ᠴᠢᠩᠭᠠᠷᠠᠭᠤᠯᠬᠤ ᠪᠠᠷ ᠴᠢᠷᠮᠠᠶᠢᠵᠤ᠂ ᠮᠠᠨ ᠤ ᠣᠷᠣᠨ ᠳᠤ ᠨᠠᠶᠢᠳᠠᠪᠤᠷᠢᠵᠢᠭᠤᠯᠤᠨ ᠬᠤᠪᠢᠷᠠᠭᠤᠯᠤᠨ ᠠᠰᠢᠭᠯᠠᠯᠲᠠ ᠳᠤ ᠣᠷᠣᠭᠤᠯᠵᠤ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃      ᠬᠤᠶᠠᠷ ᠲᠠᠯ᠎ᠠ ᠪᠠᠷ ᠢᠶᠠᠨ ᠲᠤᠷᠰᠢᠯᠲᠠ ᠶᠢ ᠣᠷᠣᠭᠤᠯᠤᠨ ᠠᠪᠴᠢᠷᠠᠵᠤ ᠂ ᠪᠥᠭᠡᠮ ᠰᠢᠬᠢᠷ ᠤᠨ ᠪᠥᠭᠡᠮ ᠬᠦᠴᠢᠯ ᠤᠨ ᠮᠧᠲ᠋ᠢᠯᠵᠢᠯᠳᠡ ᠶᠢ ᠦᠭᠡᠶᠢᠰᠬᠡᠵᠦ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠶᠢ ᠡᠭᠦᠳᠬᠦ ᠪᠠᠷ ᠴᠢᠷᠮᠠᠶᠢᠨ᠎ᠠ ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠺᠠᠳᠧᠮᠢᠴᠢ ᠴᠧᠨ ᠰᠢᠤᠸᠠᠢ ᠮᠧᠶ ᠂ ᠵᠢᠶᠠ ᠬᠦᠶ ᠹᠠᠩ ᠤᠨ ᠪᠦᠯᠬᠦᠮ ᠲᠠᠢ ᠢᠳᠡᠪᠬᠢᠲᠡᠢ ᠵᠣᠯᠭᠠᠭᠤᠯᠵᠤ᠂ ᠲᠤᠷᠰᠢᠯᠲᠠ ᠶᠢᠨ ᠡᠭᠦᠷᠭᠡ ᠶᠢ ᠰᠠᠨᠠᠭᠠᠴᠢᠯᠠᠭ᠎ᠠ   ᠠᠴᠠ ᠪᠠᠨ ᠬᠠᠷᠢᠭᠤᠴᠠᠨ ᠂ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ RNA ᠶᠢᠨ ᠮᠧᠲ᠋ᠢᠯᠵᠢᠯ ᠢ ᠦᠭᠡᠶᠢᠰᠬᠡᠵᠦ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠠᠵᠤ ᠦᠶᠯᠡᠰᠵᠢᠯᠲᠡ ᠶᠢᠨ ᠬᠡᠷᠡᠭᠯᠡᠭᠡᠨ ᠳᠤ ᠲᠤᠯᠭᠠᠭᠤᠷᠢᠯᠠᠯ ᠬᠠᠩᠭᠠᠨ᠎ᠠ᠃      ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠶ᠎ᠠ ᠳᠡᠭᠡᠳᠦ ᠰᠤᠷᠭᠠᠭᠤᠯᠢ ᠰᠠᠯᠪᠤᠷᠢ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠬᠦ ᠪᠠᠷ ᠴᠢᠷᠮᠠᠶᠢᠨ᠎ᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠪᠡᠭᠡᠵᠢᠩ ᠶᠡᠭᠡ ᠰᠤᠷᠭᠠᠭᠤᠯᠢ ᠶᠢᠨ ᠭᠠᠷ ᠤᠨ ᠥᠰᠥᠭ ᠵᠢᠷᠤᠭᠰᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠲᠤᠰᠠᠳᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠡᠭᠡᠵᠢᠩ ᠶᠡᠭᠡ ᠰᠤᠷᠭᠠᠭᠤᠯᠢ ᠶᠢᠨ ᠣᠲᠣ ᠦᠶ᠎ᠡ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠵᠡᠷᠭᠡ ᠨᠢᠭᠡᠴᠢ  ᠯᠦᠭᠡ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠦᠨᠵᠡᠭᠡᠢ ᠬᠠᠮᠲᠤᠷᠠᠯᠴᠠᠭ᠎ᠠ ᠦᠷᠨᠢᠭᠦᠯᠦᠨ᠎ᠡ᠃ ᠨᠢᠭᠡ ᠳᠤ ᠰᠠᠭᠤᠷᠢᠨ ᠭᠠᠵᠠᠷ ᠪᠠᠶᠢᠭᠤᠯᠤᠨ᠎ᠠ ᠃ ᠪᠡᠭᠡᠵᠢᠩ ᠶᠡᠭᠡ ᠰᠤᠷᠭᠠᠭᠤᠯᠢ ᠶᠢᠨ ᠣᠲᠣ ᠦᠶ᠎ᠡ ᠶᠢᠨ ᠲᠠᠷᠢᠶᠠᠯᠠᠩ ᠤᠨ ᠳᠡᠭᠡᠳᠦ ᠰᠤᠷᠭᠠᠭᠤᠯᠢ ᠯᠤᠭ᠎ᠠ ᠪᠡᠭᠡᠵᠢᠩ ᠶᠡᠭᠡ ᠰᠤᠷᠭᠠᠭᠤᠯᠢ ︵ᠥᠪᠥᠷ ᠮᠣᠩᠭᠤᠯ︶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠡᠯᠭᠡᠷᠡᠭᠦᠯᠬᠦ ᠦᠯᠢᠭᠡᠷ ᠵᠢᠱᠢᠶ᠎ᠡ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠲᠤᠷᠰᠢᠯᠲᠠ ᠶᠢᠨ ᠦᠯᠢᠭᠡᠷ ᠵᠢᠱᠢᠶ᠎ᠡ ᠵᠡᠷᠭᠡ ᠡᠭᠦᠷᠭᠡ ᠶᠢ ᠭᠤᠣᠯᠳᠠᠯᠭ᠎ᠠ ᠲᠠᠢ ᠡᠭᠦᠷᠭᠡᠯᠡᠵᠦ᠂ ᠰᠠᠭᠤᠷᠢ ᠣᠨᠣᠯ᠂ ᠠᠵᠤ ᠦᠢᠯᠡᠰ ᠤᠨ ᠬᠡᠷᠡᠭᠯᠡᠭᠡ ᠂ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢ ᠨᠢᠭᠡ ᠴᠣᠭᠴᠠᠵᠢᠭᠤᠯᠤᠭᠰᠠᠨ ᠳᠡᠭᠡᠳᠦ ᠲᠠᠰ ᠤᠨ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠤᠶᠠᠷ ᠲᠤ ᠲᠠᠪᠴᠠᠩ ᠢ ᠪᠠᠶᠢᠭᠤᠯᠤᠨ᠎ᠠ ᠃ ᠴᠢᠳᠠᠪᠤᠷᠢᠲᠠᠨ ᠤ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠬᠤᠶᠠᠷ ᠲᠠᠯ᠎ᠠ ᠪᠠᠷ ᠢᠶᠠᠨ ᠭᠤᠣᠯᠯᠠᠭᠴᠢ ᠬᠦᠴᠦᠨ ᠢ ᠰᠢᠯᠢᠨ ᠰᠣᠩᠭᠤᠵᠤ ᠬᠠᠷᠢᠯᠴᠠᠨ ᠰᠤᠷᠤᠯᠴᠠᠵᠤ ᠭᠦᠨᠵᠡᠭᠡᠢ ᠰᠤᠷᠤᠯᠴᠠᠵᠤ᠂ ᠲᠤᠰᠢᠶᠠᠯ ᠡᠭᠦᠷᠭᠡᠯᠡᠨ ᠪᠣᠯᠪᠠᠰᠤᠷᠠᠨ᠂ ᠲᠠᠷᠢᠶᠠᠯᠠᠩ ᠮᠠᠯ ᠠᠵᠤ ᠠᠬᠤᠢ ᠶᠢᠨ ᠰᠣᠯᠪᠢᠴᠠᠯ ᠰᠢᠨᠵᠢᠯᠡᠭᠡᠨ ᠤ ᠰᠤᠳᠤᠯᠭᠠᠨ ᠪᠠ ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠤᠨ᠎ᠠ᠃ ᠭᠤᠷᠪᠠ ᠳᠤ ᠪᠦᠬᠦ ᠬᠡᠯᠬᠢᠶᠡᠵᠢᠭᠦᠯᠦᠨ᠎ᠡ᠃ ᠪᠡᠭᠡᠵᠢᠩ ᠶᠡᠭᠡ ᠰᠤᠷᠭᠠᠭᠤᠯᠢ ᠶᠢᠨ ᠬᠠᠷᠢᠶ᠎ᠠ ᠳᠡᠭᠡᠳᠦ ᠰᠤᠷᠭᠠᠭᠤᠯᠢ ᠰᠠᠯᠪᠤᠷᠢ ᠶᠢᠨ ᠰᠤᠳᠤᠯᠭᠠᠨ ᠤ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ ᠂ ᠭᠤᠣᠯᠳᠠᠯᠭ᠎ᠠ ᠲᠠᠢ ᠪᠠᠷ ᠮᠣᠯᠧᠺᠦ᠋ᠯ ᠲᠠᠷᠢᠶᠠᠯᠠᠩ ᠤᠨ ᠤᠬᠠᠭᠠᠨ ᠂ ᠲᠠᠷᠢᠶᠠᠯᠠᠩ ᠮᠠᠯ ᠠᠵᠤ ᠠᠬᠤᠢ ᠬᠢᠭᠡᠳ ᠬᠦᠭᠵᠢᠯᠲᠡ ᠶᠢᠨ ᠠᠵᠤ ᠠᠬᠤᠢ ᠂ ᠣᠶᠤᠨᠲᠤ ᠲᠠᠷᠢᠶᠠᠯᠠᠩ ᠮᠠᠯ ᠠᠵᠤ ᠠᠬᠤᠢ ᠂ ᠢᠳᠡᠭᠡᠨ ᠤ ᠠᠮᠤᠷ ᠲᠦᠪᠰᠢᠨ ᠬᠢᠭᠡᠳ ᠡᠷᠡᠭᠦᠯ ᠮᠡᠨᠳᠦ ᠵᠡᠷᠭᠡ ᠬᠦᠷᠢᠶ᠎ᠡ ᠴᠠᠷᠠᠭᠠᠨ ᠳᠤ ᠪᠦᠬᠦ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠭᠡ ᠳᠡᠭᠡᠳᠦ ᠰᠤᠷᠭᠠᠭᠤᠯᠢ ᠪᠠᠷ ᠲᠦᠰᠢᠭ ᠪᠣᠯᠭᠠᠭᠰᠠᠨ ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠣᠷᠣᠯᠴᠠᠭᠰᠠᠨ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ ᠂ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠬᠤ ᠶᠢ ᠲᠦᠷᠭᠡᠳᠬᠡᠨ ᠠᠬᠢᠭᠤᠯᠤᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号