ᠴᠣᠣᠷᠢᠶ᠎ᠠ ᠡᠯᠧᠺᠲᠷᠣᠨ ᠬᠤᠳᠠᠯᠳᠤᠭᠠᠨ ᠤ ︽ ᠶᠢᠨ ᠴᠠᠨ ᠳ᠋ᠢ ᠲᠥᠯᠥᠪᠯᠡᠭᠡ︾ ᠨᠢ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠪᠣᠷᠤᠯᠠᠭᠤᠯᠭ᠎ᠠ ᠵᠢᠴᠢ ᠣᠷᠣᠨ ᠪᠦᠰᠡ ᠶᠢᠨ ᠠᠵᠤ ᠦᠢᠯᠡᠰ ᠤᠨ ᠲᠠᠰ ᠳᠡᠪᠰᠢᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/11/22
      11 ᠰᠠᠷ᠎ᠠ ᠶᠢᠨ 21 ᠤ ᠡᠳᠦᠷ᠂ ᠴᠣᠣᠷᠢᠶ᠎ᠠ ᠡᠯᠧᠺᠲᠷᠣᠨ ᠬᠤᠳᠠᠯᠳᠤᠭᠠᠨ ᠤ ᠶᠢᠨ ᠴᠠᠨ ᠳ᠋ᠢ ᠲᠥᠯᠥᠪᠯᠡᠭᠡ︱ᠢᠳᠡᠭᠡᠨ ᠤ ᠰᠢᠨ᠎ᠡ ᠰᠣᠷᠭᠤᠭ ᠠᠵᠢᠯ ᠲᠥᠷᠥᠯ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ︵ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠲᠤᠰᠬᠠᠢ ᠲᠠᠯᠠᠪᠠᠶ︶ ᠢ ᠬᠥᠬᠡᠬᠤᠲᠠ ᠳᠤ ᠠᠮᠵᠢᠯᠲᠠ ᠲᠠᠢ ᠡᠷᠭᠢᠯᠡᠪᠡ᠃ ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠥᠪᠥᠷ ᠮᠣᠩᠭᠤᠯ ᠤᠨ ᠴᠢᠨᠠᠷ ᠰᠠᠶᠢᠲᠠᠢ ᠦᠬᠡᠷ ᠬᠤᠨᠢᠨ ᠮᠢᠬ᠎ᠠ ᠶᠢᠨ ᠤᠤᠯ ᠭᠠᠷᠤᠯᠲᠠ ᠶᠢᠨ ᠣᠷᠣᠨ ᠤ ᠬᠤᠳᠠᠯᠳᠤᠭᠠᠴᠢᠨ ᠳᠤ ᠬᠠᠨᠳᠤᠭᠤᠯᠤᠭᠰᠠᠨ ᠶᠤᠮ᠂ ᠵᠣᠷᠢᠯᠭ᠎ᠠ  ᠨᠢ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠠᠵᠤ ᠦᠢᠯᠡᠰ ᠤᠨ ᠬᠤᠳᠠᠯᠳᠤᠭᠠᠴᠢᠨ ᠢ ᠳᠠᠶᠢᠴᠢᠯᠠᠬᠤ ᠳᠤ ᠬᠦᠴᠦᠨ ᠨᠡᠮᠡᠷᠢᠯᠡᠵᠦ᠂ ︽ᠴᠢᠨᠠᠷ︾ ᠢᠶᠠᠷ ᠢᠯᠠᠯᠲᠠ ᠣᠯᠵᠤ᠂ ᠬᠦᠷᠢᠶ᠎ᠡ ᠬᠡᠪᠴᠢᠶ᠎ᠡ ᠶᠢ ᠡᠪᠳᠡᠨ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ ᠶᠤᠮ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠤᠸ ᠰᠢᠤᠸᠠᠢ ᠹᠧᠩ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ 
图片1.png
       ᠬᠤᠷᠠᠯ ᠳᠡᠭᠡᠷ᠎ᠡ᠂ ᠮᠠᠰᠢ ᠤᠯᠠᠨ ᠡᠯᠧᠺᠲᠷᠤᠨ ᠬᠤᠳᠠᠯᠳᠤᠭᠠᠨ ᠤ ᠣᠬᠢᠴᠤᠤᠯ ᠲᠤᠰ ᠲᠤᠰ ᠶᠢᠨ ᠴᠠᠨ ᠳ᠋ᠢ ᠠᠵᠢᠯᠯᠠᠭ᠎ᠠ ᠶᠢᠨ ᠲᠣᠭᠯᠠᠭᠠᠮ ᠤᠨ ᠠᠷᠭ᠎ᠠ᠂ ᠴᠣᠣᠷᠢᠶ᠎ᠠ ᠬᠤᠯᠪᠣᠭ᠎ᠠ ᠶᠢᠨ ᠠᠮᠢ ᠠᠬᠤᠢ ᠪᠠᠷ ᠬᠤᠳᠠᠯᠳᠤᠭᠠᠴᠢᠳ ᠤᠨ ᠲᠣᠭᠲᠠᠭᠤᠨ ᠢᠶᠠᠷ ᠬᠥᠭᠵᠢᠬᠦ ᠶᠢ ᠳᠡᠮᠵᠢᠬᠦ᠂ ᠬᠤᠳᠠᠯᠳᠤᠭᠠᠴᠢᠯᠠᠭᠰᠠᠨ ᠴᠢᠶᠠᠨ ᠴᠤᠸᠠᠨ ᠤ ᠲᠣᠭᠯᠠᠭᠠᠮ ᠤᠨ ᠠᠷᠭ᠎ᠠ᠂ ᠬᠤᠳᠠᠯᠳᠤᠭᠠᠴᠢᠳ ᠤᠨ ᠬᠡᠪ ᠳᠠᠭᠤᠷᠢᠶᠠᠯ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ᠂ ᠦᠢᠯᠡᠴᠢᠯᠡᠭᠡᠨ ᠤ ᠬᠤᠳᠠᠯᠳᠤᠭᠠᠴᠢᠳ ᠤᠨ ᠡᠷᠬᠡ ᠠᠰᠢᠭ ᠢ ᠬᠤᠪᠢᠶᠠᠯᠴᠠᠨ ᠡᠳ᠋ᠯᠡᠬᠦ ᠵᠡᠷᠭᠡ ᠲᠠᠯ᠎ᠠ ᠪᠠᠷ ᠭᠤᠣᠯ ᠰᠡᠳᠦᠪᠲᠦ ᠶᠠᠷᠢᠶ᠎ᠠ ᠢᠯᠡᠳᠬᠡᠯ ᠬᠢᠵᠦ᠂ ᠠᠵᠤ ᠠᠬᠤᠶᠢᠯᠠᠯ ᠤᠨ ᠪᠣᠳᠠᠲᠤ ᠳᠠᠶᠢᠨ ᠤ ᠤᠷ᠎ᠠ ᠮᠡᠷᠭᠡᠵᠢᠯ ᠢ ᠭᠦᠢᠴᠡᠳ ᠳᠡᠭᠡᠭᠰᠢᠯᠡᠭᠦᠯᠵᠦ᠂ ᠥᠪᠥᠷ ᠮᠣᠩᠭᠤᠯ ᠤᠨ ᠰᠢᠨ᠎ᠡ ᠰᠣᠷᠭᠤᠭ ᠢᠳᠡᠭᠡᠨ ᠤ ᠠᠵᠤ ᠦᠢᠯᠡᠰ ᠤᠨ ᠡᠯᠧᠺᠲᠷᠣᠨ ᠬᠤᠳᠠᠯᠳᠤᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠠᠢ᠃      ᠴᠣᠣᠷᠢᠶ᠎ᠠ ᠡᠯᠧᠺᠲᠷᠣᠨ ᠬᠤᠳᠠᠯᠳᠤᠭᠠᠨ ᠤ ︽ ᠶᠢᠨ ᠴᠠᠨ ᠳ᠋ᠢ ᠲᠥᠯᠥᠪᠯᠡᠭᠡ︾ ᠶᠢᠨ ᠠᠩᠬᠠᠨ ᠤ ᠥᠷᠲᠡᠭᠡ ᠪᠣᠯᠤᠭᠰᠠᠨ ᠤ ᠬᠤᠪᠢ ᠳᠤ᠂ ᠠᠵᠢᠯᠯᠠᠭ᠎ᠠ ᠶᠢᠨ ᠳᠤᠮᠳᠠ ᠴᠣᠣᠷᠢᠶ᠎ᠠ ᠡᠯᠧᠺᠲᠷᠣᠨ ᠬᠤᠳᠠᠯᠳᠤᠭᠠᠨ ᠤ ᠶᠢᠨ ᠴᠠᠨ ᠳ᠋ᠢ ᠲᠥᠯᠥᠪᠯᠡᠭᠡ ᠶᠢ ᠵᠢᠩᠬᠢᠨᠢ ᠪᠠᠷ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠦᠬᠡᠷ ᠬᠤᠨᠢᠨ ᠮᠢᠬ᠎ᠠ ᠶᠢᠨ ᠪᠣᠷᠤᠯᠠᠭᠤᠯᠭ᠎ᠠ ᠳᠤ ᠳ᠋ᠠᠶᠢᠲ᠋ᠠ ᠶᠢᠨ ᠳᠡᠮᠵᠢᠯᠭᠡ ᠬᠠᠩᠭᠠᠵᠤ᠂ 100 ᠤᠳᠠᠭᠠᠨ ᠤ ᠡᠬᠢ ᠡᠭᠦᠰᠦᠯ ᠤᠨ ᠰᠢᠭᠤᠳ ᠨᠡᠪᠲᠡᠷᠡᠭᠦᠯᠭᠡ ᠵᠡᠷᠭᠡ ᠶᠢ ᠥᠷᠨᠢᠭᠦᠯᠬᠦ ᠪᠣᠯᠣᠨ᠎ᠠ᠃ ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ᠂ ᠴᠣᠣᠷᠢᠶ᠎ᠠ ᠡᠯᠧᠺᠲᠷᠣᠨ ᠬᠤᠳᠠᠯᠳᠤᠭᠠᠨ ᠤ ᠰᠤᠷᠤᠯᠴᠠᠯᠭ᠎ᠠ ᠶᠢᠨ ᠲᠥᠪ ᠤᠨ ᠮᠠ ᠶᠦᠨ ᠬᠤᠸᠠ ︽ᠴᠣᠣᠷᠢᠶ᠎ᠠ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠠᠷᠭ᠎ᠠ ᠶᠢᠨ ᠣᠨᠣᠯ︾ ᠭᠡᠬᠦ ᠭᠤᠣᠯ ᠰᠡᠳᠦᠪᠲᠦ ᠮᠡᠳᠡᠭᠦᠯᠦᠯᠲᠡ ᠬᠢᠪᠡ᠃ ᠢᠳᠡᠭᠡᠨ ᠤ ᠰᠢᠨ᠎ᠡ ᠰᠣᠷᠭᠤᠭ ᠠᠵᠢᠯ ᠲᠥᠷᠥᠯ ᠤᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠵᠠᠭᠪᠤᠷ ᠪᠠ ᠬᠠᠮᠢᠶᠠᠷᠤᠯᠲᠠ ᠶᠢᠨ ᠠᠷᠭ᠎ᠠ ᠶᠢ ᠬᠤᠳᠠᠯᠳᠤᠭᠠᠴᠢᠳ ᠲᠤ ᠣᠶᠢᠯᠠᠭᠠᠭᠤᠯᠵᠤ᠂ ᠡᠬᠢ ᠭᠠᠷᠤᠯᠲᠠ ᠶᠢᠨ ᠣᠷᠣᠨ ᠤ ᠬᠤᠳᠠᠯᠳᠤᠭᠠᠴᠢᠳ ᠲᠤ ᠨᠠᠩ ᠣᠯᠠᠨ ᠡᠵᠡᠩᠨᠡᠯᠲᠡ ᠶᠢᠨ ᠲᠣᠬᠢᠶᠠᠯ ᠣᠯᠭᠤᠭᠰᠠᠨ ᠪᠠᠶᠢᠨ᠎ᠠ᠃ 
图片2.jpg
       ᠡᠨᠡ ᠤᠳᠠᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠪᠣᠯᠣᠨ ᠴᠣᠣᠷᠢᠶ᠎ᠠ ᠠᠯᠪᠠᠨ ᠤ ᠲᠠᠯ᠎ᠠ ᠶᠢᠨ ᠬᠠᠮᠲᠤᠷᠠᠯᠴᠠᠭ᠎ᠠ ᠪᠣᠯ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠠ ᠪᠣᠷᠤᠯᠠᠭᠤᠯᠭ᠎ᠠ ᠶᠢᠨ ᠡᠷᠴᠢᠮ ᠢ ᠥᠷᠭᠡᠳᠬᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠴᠣᠣᠷᠢᠶ᠎ᠠ ᠲᠠᠪᠴᠠᠩ ᠤᠨ ᠳᠠᠪᠠᠭᠤᠯᠢᠭ ᠢ ᠠᠰᠢᠭᠯᠠᠨ᠂ ᠥᠪᠥᠷ ᠮᠣᠩᠭᠤᠯ ᠤᠨ ᠦᠬᠡᠷ ᠬᠤᠨᠢᠨ ᠮᠢᠬ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠥᠬᠦ ᠲᠠᠯ᠎ᠠ ᠪᠠᠷ ᠲᠠᠰ ᠳᠡᠪᠰᠢᠭᠦᠯᠬᠦ ᠪᠠ ᠳᠡᠯᠭᠡᠷᠡᠭᠦᠯᠬᠦ ᠶᠢ ᠪᠡᠶᠡᠯᠡᠭᠦᠯᠵᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠂ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠵᠦ᠂ ᠪᠣᠷᠤᠯᠠᠭᠤᠯᠭ᠎ᠠ ᠪᠠ ᠬᠡᠷᠡᠭᠯᠡᠭᠡ ᠶᠢᠨ ᠲᠠᠰ ᠳᠡᠪᠰᠢᠬᠦ ᠶᠢ ᠠᠬᠢᠭᠤᠯᠤᠨ᠂ ᠪᠥᠬᠦ ᠤᠯᠤᠰ ᠤᠨ ᠠᠷᠠᠳ ᠲᠦᠮᠡᠨ ᠳᠤ ᠥᠪᠥᠷ ᠮᠣᠩᠭᠤᠯ ᠤᠨ ᠰᠠᠶᠢᠨ ᠪᠦᠲᠦᠭᠡᠭᠳᠡᠬᠦᠨ ᠢ ᠠᠮᠲᠠᠯᠠᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号