︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠦᠨ ᠤ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ | ᠪᠠᠲᠤᠯᠠᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶᠂ | ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 31 ᠳ᠋ᠦ᠋ᠭᠡᠷ | ᠲᠣᠭᠠᠲᠤ ︶ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠤ ᠰᠦᠨ ᠤ ᠦᠢᠯᠡᠰ ᠤᠨ | ᠦᠢᠯᠡᠳᠪᠦᠷᠢᠯᠡᠯ ᠤᠨ ᠥᠪᠡᠷ ᠤᠨ ᠥᠷᠲᠡᠭ ᠥᠨᠳᠥᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠴᠠᠭ᠎ᠠ ᠨᠢᠭᠲᠠ | ᠪᠤᠰᠤ᠂ ᠦᠢᠯᠡᠳᠬᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠥᠨᠳᠥᠷ | ᠪᠤᠰᠤ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠨ ᠤ ᠦᠢᠯᠡᠰ ᠢ | ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠰᠦᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠭᠡᠭᠰᠢᠯᠡᠭᠦᠯᠬᠦ ᠶᠢ | ᠲᠦᠷᠭᠡᠳᠬᠡᠨ᠂ ︽ᠨᠢᠭᠡ ᠰᠠᠭᠤᠷᠢ ᠡᠪᠡᠰᠦ ᠠᠴᠠ ᠨᠢᠭᠡ ᠴᠣᠮᠣ ᠰᠦ ᠬᠦᠷᠲᠡᠯ᠎ᠡ︾ ᠪᠥᠬᠦ ᠠᠵᠤ ᠦᠢᠯᠡᠰ ᠤᠨ | ᠬᠡᠯᠬᠢᠶᠡᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ | ᠪᠤᠯᠭᠠᠬᠤ ᠶᠢᠨ ᠲᠦᠯᠦᠭᠡ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ | ᠮᠡᠲᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ ᠃ | ︽ᠡᠪᠡᠰᠦᠨ ᠤ ᠢᠷᠡᠯᠲᠡ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠠᠷᠠᠴᠢᠯᠠᠨ ᠲᠡᠵᠢᠭᠡᠬᠦ ᠥᠪᠡᠷ ᠤᠨ ᠥᠷᠳᠡᠭ ᠢ ᠪᠠᠭᠤᠷᠠᠭᠤᠯᠬᠤ | 1. ᠳᠠᠷᠤᠰᠢᠭᠤᠯᠬᠤ ᠡᠷᠳᠡᠨᠢ ᠰᠢᠰᠢ ᠵᠡᠷᠭᠡ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ | ᠣᠶᠢᠷᠠᠯᠴᠠᠭ᠎ᠠ ᠭᠠᠵᠠᠷ ᠲᠤ ᠨᠢ ᠬᠤᠷᠢᠶᠠᠨ ᠬᠠᠳᠠᠭᠠᠯᠠᠵᠤ ᠪᠠᠶᠢᠭ᠎ᠠ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ | ᠲᠠᠯᠠᠪᠠᠶ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠳᠤ ᠰᠠᠭᠠᠯᠢ ᠶᠢᠨ ᠦᠨᠢᠶ᠎ᠡ ᠨᠢᠭᠡᠪᠦᠷᠢ 5.5 ᠲᠣᠨ᠂ ᠲᠣᠨ | ᠪᠦᠷᠢ ᠳᠤ 50 ᠲᠥᠭᠦᠷᠢᠭ ᠤᠨ ᠪᠠᠷᠢᠮᠵᠢᠶ᠎ᠠ ᠪᠠᠷ ᠨᠤᠭᠤᠭᠠᠨ ᠳᠠᠷᠤᠰᠢ ᠶᠢᠨ ᠡᠷᠳᠡᠨᠢ ᠰᠢᠰᠢ ᠶᠢ ᠬᠤᠷᠢᠶᠠᠨ | ᠨᠥᠭᠡᠴᠡᠯᠡᠬᠦ ᠨᠥᠬᠦᠪᠦᠷᠢ ᠦᠭᠭᠦᠨ᠎ᠡ ᠃ ᠳᠠᠷᠤᠰᠢᠭᠤᠯᠤᠭᠰᠠᠨ ᠴᠠᠷᠭᠠᠰᠤ᠂ ᠬᠠᠭᠤᠷᠠᠢ ᠡᠪᠡᠰᠦ ᠶᠢ ᠬᠠᠷᠢᠴᠠᠯ ᠢᠶᠠᠷ | ᠨᠤᠭᠤᠯᠤᠨ ᠪᠤᠳᠤᠨ᠎ᠠ᠃ ᠰᠠᠭᠠᠯᠢ ᠶᠢᠨ ᠢᠮᠠᠭ᠎ᠠ ᠂ ᠰᠠᠭᠠᠯᠢ ᠶᠢᠨ ᠢᠩᠭᠡ ᠂ ᠰᠠᠭᠠᠯᠢ ᠶᠢᠨ ᠭᠡᠭᠦᠤ ᠶᠢ ᠬᠠᠷᠢᠴᠠᠯ ᠢᠶᠠᠷ | ᠨᠤᠭᠤᠯᠤᠨ ᠪᠣᠳᠣᠨ᠎ᠠ ᠃ | 2. ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢ ᠪᠥᠭᠡᠳ | ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠴᠤ ᠪᠣᠷᠣᠯᠠᠭᠤᠯᠬᠤ ᠭᠡᠷ᠎ᠡ | ᠲᠣᠭᠲᠠᠭᠰᠠᠨ ᠴᠠᠷᠭᠠᠰᠤ ᠶᠢᠨ ᠳᠠᠷᠢᠬᠤ ᠭᠤᠣᠯ ᠴᠣᠭᠴᠠ ᠳᠤ᠂ ᠭᠤᠷᠪᠠᠨ ᠵᠢᠯ ᠬᠤᠪᠢᠶᠠᠨ ᠮᠦ ᠪᠦᠷᠢ ᠳᠤ 1000 | ᠲᠥᠭᠦᠷᠢᠭ ᠤᠨ ᠨᠥᠬᠦᠪᠦᠷᠢ ᠦᠭᠭᠦᠨ᠎ᠡ ᠃ | 3. ᠰᠢᠨ᠎ᠡ ᠪᠠᠷ ᠪᠠᠶᠢᠭᠤᠯᠤᠭᠰᠠᠨ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠨᠢᠭᠡᠳᠦᠭᠡᠷ ᠵᠢᠯ ᠳᠤ | ᠮᠦ ᠪᠦᠷᠢ ᠳᠤ 500 ᠲᠥᠭᠦᠷᠢᠭ ᠤᠨ ᠨᠥᠬᠦᠪᠦᠷᠢ ᠤᠯᠭᠤᠵᠤ ᠲᠦᠯᠯᠡᠭᠰᠡᠨ ᠤ ᠳᠠᠷᠠᠭ᠎ᠠ ᠵᠢᠯ ᠪᠦᠷᠢ ᠮᠦ ᠪᠦᠷᠢ ᠳᠤ | 300 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠦᠭᠭᠦᠨ᠎ᠡ ᠃ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ | ᠡᠭᠦᠯᠳᠡᠷ ᠢ ᠰᠣᠩᠭᠤᠨ ᠪᠣᠶᠢᠵᠢᠭᠤᠯᠬᠤ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠬᠦ︾ ᠪᠠᠷ ᠮᠠᠩᠯᠠᠶᠢᠯᠠᠭᠤᠯᠬᠤ | ᠲᠥᠷᠥᠯ ᠵᠦᠢᠯ ᠢ ᠬᠡᠷᠡᠭᠵᠢᠭᠦᠯᠵᠦ᠂ ᠴᠠᠷᠭᠠᠰᠤ ᠶᠢᠨ ᠰᠢᠨ᠎ᠡ ᠡᠭᠦᠯᠳᠡᠷ ᠢ ᠪᠣᠶᠢᠵᠢᠭᠤᠯᠤᠨ᠂ ᠤᠯᠤᠰ ᠲᠠᠭᠠᠨ | ᠦᠢᠯᠡᠳᠪᠦᠷᠢᠯᠡᠭᠰᠡᠨ ᠴᠠᠷᠭᠠᠰᠤ ᠶᠢᠨ ᠮᠠᠭᠤᠳᠠᠭᠰᠠᠨ ᠡᠭᠦᠯᠳᠡᠷ ᠢ ᠴᠡᠪᠡᠷᠰᠢᠭᠦᠯᠦᠨ ᠰᠠᠶᠢᠵᠢᠷᠠᠭᠤᠯᠤᠨ᠎ᠠ᠃ | ︽ ᠦᠷ᠎ᠡ ᠶᠢᠨ ᠢᠷᠡᠯᠲᠡ ︾ ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ ᠰᠠᠭᠠᠯᠢ ᠶᠢᠨ | ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠴᠢᠩᠭᠠᠳᠬᠠᠨ᠎ᠠ | 4. ᠳᠡᠭᠡᠳᠦ ᠲᠠᠰ ᠤᠨ ᠡᠭᠦᠯᠳᠡᠷ ᠤᠨ ᠪᠤᠬ᠎ᠠ ᠪᠣᠶᠢᠵᠢᠭᠤᠯᠬᠤ ᠶᠢ ᠳᠡᠮᠵᠢᠵᠦ᠂ ᠡᠭᠦᠯᠳᠡᠷ ᠪᠣᠶᠢᠵᠢᠭᠤᠯᠬᠤ | ᠴᠢᠳᠠᠪᠤᠷᠢ ᠶᠢᠨ ᠦᠨᠡᠯᠡᠯᠲᠡ ᠶᠢᠨ ᠦᠷ᠎ᠡ ᠳ᠋ᠦᠩ ᠨᠢ ᠰᠠᠶᠢᠨ ᠳᠡᠰ ᠠᠴᠠ ᠳᠡᠭᠡᠭᠰᠢ ᠪᠣᠯᠤᠭᠰᠠᠨ ᠰᠠᠭᠠᠯᠢ ᠶᠢᠨ | ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠳᠤ ᠰᠠᠭᠤᠷᠢ ᠴᠢᠨᠠᠷᠲᠠᠢ ᠪᠠᠷ 100 ᠲᠦᠮᠡᠨ | ᠲᠥᠭᠦᠷᠢᠭ ᠤᠨ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠪᠦᠷᠢ ᠶᠢᠨ ᠨᠡᠷᠡᠰ ᠤᠨ ᠦᠷ᠎ᠡ ᠳ᠋ᠦᠩ ᠢ | ᠦᠨᠳᠦᠰᠦᠯᠡᠨ᠂ ᠨᠡᠷᠡᠰ ᠤᠨ ᠵᠢᠭᠰᠠᠭᠠᠯᠲᠠ ᠨᠢ ᠳᠡᠯᠡᠬᠡᠢ ᠶᠢᠨ ᠡᠮᠦᠨ᠎ᠡ 200 ᠨᠡᠷᠡᠰ ᠪᠤᠶᠤ ᠤᠯᠤᠰ ᠤᠨ | ᠳᠣᠲᠣᠭᠠᠳᠤ ᠶᠢᠨ ᠡᠮᠦᠨ᠎ᠡ 50 ᠨᠡᠷᠡᠰ ᠲᠤ ᠤᠷᠤᠭᠰᠠᠨ ᠾᠧᠰᠲ᠋ᠠᠨ ᠰᠠᠭᠠᠯᠢ ᠶᠢᠨ ᠦᠨᠢᠶ᠎ᠡ ᠶᠢ ᠪᠣᠶᠢᠵᠢᠭᠤᠯᠤᠭᠰᠠᠨ | ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 100 ᠲᠦᠮᠡᠨ ᠲᠥᠭᠦᠷᠢᠭ ᠢᠶᠠᠷ ᠱᠠᠩᠨᠠᠵᠤ᠂ 50 | ︵ᠪᠠᠭᠲᠠᠬᠤ ᠦᠭᠡᠢ︶ ᠠᠴᠠ 100 ᠨᠡᠷᠡᠰ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ︔ ᠨᠡᠷᠡᠰ ᠤᠨ | ᠵᠢᠭᠰᠠᠭᠠᠯᠲᠠ ᠪᠠᠷ ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠤᠷᠤᠭᠰᠠᠨ ᠰᠢᠮᠧᠨ᠋ᠲ᠋ᠠᠷ ᠦᠬᠡᠷ ᠢ | ᠪᠣᠶᠢᠵᠢᠭᠤᠯᠤᠭᠰᠠᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠱᠠᠩᠨᠠᠨ᠎ᠠ︔ | ᠨᠡᠷᠡᠰ ᠤᠨ ᠵᠢᠭᠰᠠᠭᠠᠯᠲᠠ ᠪᠠᠷ ᠤᠯᠤᠰ ᠤᠨ ᠳᠣᠲᠣᠭᠠᠳᠤ ᠶᠢᠨ ᠡᠮᠦᠨ᠎ᠡ 5 ᠨᠡᠷᠡᠰ ᠲᠤ ᠣᠷᠣᠭᠰᠠᠨ ᠰᠠᠨ ᠾᠧ | ᠦᠬᠡᠷ ᠤᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ᠃ | 5. ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯ ᠡᠭᠦᠯᠳᠡᠷ ᠪᠣᠶᠢᠵᠢᠭᠤᠯᠬᠤ ᠲᠠᠯᠠᠪᠠᠶ ᠶᠢᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠭᠤᠣᠯ | ᠡᠭᠦᠯᠳᠡᠷ ᠪᠣᠶᠢᠵᠢᠭᠤᠯᠬᠤ ᠲᠠᠯᠠᠪᠠᠶ ᠶᠢ ᠨᠢᠭᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠵᠤ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡ ᠤᠳᠠᠭ᠎ᠠ ᠳᠤ 200 ᠲᠦᠮᠡᠨ ᠲᠥᠭᠦᠷᠢᠭ ᠢᠶᠠᠷ ᠱᠠᠩᠨᠠᠨ᠎ᠠ᠃ | 6. ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠰᠠᠭᠠᠯᠢ ᠶᠢᠨ | ᠦᠨᠢᠶ᠎ᠡ ᠶᠢᠨ ᠪᠡᠯᠭᠡ ᠶᠢᠨ ᠡᠷᠬᠡᠰᠢᠶᠡᠯᠲᠦ ᠬᠦᠪᠦᠷᠡᠯ ᠢ ᠬᠡᠷᠡᠭᠯᠡᠨ᠂ ᠴᠢᠳᠠᠮᠵᠢ ᠶᠢᠨ ᠵᠢᠭᠠᠯᠲᠠ ᠲᠤᠭ᠎ᠠ ᠶᠢ ᠦᠨᠳᠦᠰᠦᠯᠡᠨ᠂ | ᠰᠢᠷᠬᠡᠭ ᠪᠦᠷᠢ ᠳᠤ 1500 ᠲᠥᠭᠦᠷᠢᠭ᠂ 2500 ᠲᠥᠭᠦᠷᠢᠭ᠂ 3500 ᠲᠥᠭᠦᠷᠢᠭ ᠢᠶᠠᠷ ᠲᠠᠰ ᠬᠤᠪᠢᠶᠠᠨ | ᠨᠥᠬᠦᠪᠦᠷᠢ ᠦᠭᠭᠦᠨ᠎ᠡ ︔ ᠰᠠᠭᠠᠯᠢ ᠶᠢᠨ ᠦᠨᠢᠶ᠎ᠡ ᠶᠢᠨ ᠢᠴᠡᠭᠡᠯ ᠬᠢᠵᠠᠭᠠᠷᠯᠠᠬᠤ ᠦᠷ᠎ᠡ ᠶᠢ ᠬᠡᠷᠡᠭᠯᠡᠬᠦ ᠳᠤ ᠲᠣᠯᠣᠭᠠᠢ | ᠪᠦᠷᠢ ᠳᠤ 120 ᠲᠥᠭᠦᠷᠢᠭ ᠤᠨ ᠨᠥᠬᠦᠪᠦᠷᠢ ᠦᠭᠭᠦᠨ᠎ᠡ ︔ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ | ᠬᠡᠷᠡᠭᠯᠡᠬᠦ ᠳᠤ ᠰᠢᠷᠬᠡᠭ ᠪᠦᠷᠢ ᠳᠤ 60 ᠲᠥᠭᠦᠷᠢᠭ ᠤᠨ ᠨᠥᠬᠦᠪᠦᠷᠢ ᠦᠭᠭᠦᠨ᠎ᠡ ᠃ | 7. ᠰᠠᠭᠠᠯᠢ ᠶᠢᠨ ᠦᠨᠢᠶ᠎ᠡ ᠶᠢᠨ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠤᠭ᠎ᠠ | ᠬᠡᠮᠵᠢᠶ᠎ᠡ ᠶᠢ ᠥᠷᠭᠡᠳᠬᠡᠵᠦ᠂ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠠᠴᠠ ᠨᠢᠭᠡ | ᠰᠠᠭᠠᠯᠢ ᠶᠢᠨ ᠦᠨᠢᠶ᠎ᠡ ᠶᠢ ᠬᠡᠮᠵᠢᠨ ᠲᠣᠭᠲᠠᠭᠠᠬᠤ ᠪᠦᠷᠢ ᠳᠤ ᠬᠦᠴᠦᠨ ᠪᠦᠬᠦᠢ ᠲᠤᠭ᠎ᠠ ᠪᠠᠷᠢᠮᠲᠠ ᠶᠢᠨ ᠨᠥᠬᠦᠪᠦᠷᠢ ᠶᠢ | 70 ᠲᠥᠭᠦᠷᠢᠭ ᠳᠠᠮᠵᠢᠭᠤᠯᠵᠤ᠂ ᠳᠡᠭᠡᠷ᠎ᠡ ᠨᠢᠭᠡ ᠵᠢᠯ ᠤᠨ ᠰᠢᠨ᠎ᠡ ᠪᠠᠷ ᠨᠡᠮᠡᠭᠳᠡᠭᠰᠡᠨ ᠬᠡᠮᠵᠢᠨ ᠲᠣᠭᠲᠠᠭᠠᠬᠤ ᠬᠦᠴᠦᠨ | ᠪᠦᠬᠦᠢ ᠲᠤᠭ᠎ᠠ ᠪᠠᠷᠢᠮᠲᠠ ᠲᠠᠢ ᠬᠠᠷᠢᠴᠠᠭᠤᠯᠪᠠᠯ 3 ᠲᠦᠮᠡᠨ ᠲᠣᠯᠣᠭᠠᠢ ᠶᠢ ᠳᠠᠪᠠᠭᠰᠠᠨ ᠪᠠᠶᠢᠪᠠᠯ᠂ ᠨᠢᠭᠡ ᠤᠳᠠᠭ᠎ᠠ ᠳᠤ | 100 ᠲᠦᠮᠡᠨ ᠲᠥᠭᠦᠷᠢᠭ ᠢᠶᠠᠷ ᠱᠠᠩᠨᠠᠵᠤ᠂ ᠪᠠᠶᠢᠴᠠᠭᠠᠨ ᠰᠢᠯᠭᠠᠬᠤ ᠲᠥᠬᠦᠭᠡᠷᠦᠮᠵᠢ ᠬᠤᠳᠠᠯᠳᠤᠨ ᠠᠪᠬᠤ ᠳᠤ | ᠬᠡᠷᠡᠭᠯᠡᠨ᠎ᠡ᠃ | ︽ ᠰᠦᠨ ᠤ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠪᠠᠬᠢᠵᠢᠭᠦᠯᠵᠦ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | 8. ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ 2019 | ᠣᠨ ᠠᠴᠠ ᠰᠡᠭᠦᠯᠡᠭᠡᠷ ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠪᠠᠶᠢᠭᠤᠯᠵᠤ | ᠪᠠᠶᠢᠭ᠎ᠠ ᠲᠥᠷᠥᠯ ᠵᠦᠢᠯ ᠪᠠ ᠨᠢᠭᠡᠨᠲᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠭᠰᠠᠨ | ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ᠂ ᠰᠠᠭᠠᠯᠢ ᠶᠢᠨ ᠦᠨᠢᠶ᠎ᠡ 3000 | ᠲᠣᠯᠣᠭᠠᠢ ᠳᠤ 600 ᠲᠦᠮᠡᠨ ᠲᠥᠭᠦᠷᠢᠭ ᠤᠨ ᠨᠥᠬᠦᠪᠦᠷᠢ ᠥᠭᠴᠦ᠂ 500 ᠲᠣᠯᠣᠭᠠᠢ ᠨᠡᠮᠡᠭᠳᠡᠬᠦ ᠪᠦᠷᠢ | ᠳᠠᠬᠢᠭᠠᠳ 100 ᠲᠦᠮᠡᠨ ᠲᠥᠭᠦᠷᠢᠭ ᠤᠨ ᠨᠥᠬᠦᠪᠦᠷᠢ ᠥᠭᠴᠦ᠂ ᠨᠥᠬᠦᠪᠦᠷᠢ ᠶᠢᠨ ᠪᠡᠯᠡ ᠮᠥᠩᠭᠦ ᠶᠢ ᠭᠤᠣᠯᠳᠠᠭᠤ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾᠂ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠪᠠ ︽ᠲᠣᠭᠠᠨ ᠤ | ᠤᠶᠤᠨᠵᠢᠭᠤᠯᠬᠤ︾ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠳᠤ ᠬᠡᠷᠡᠭᠯᠡᠨ᠎ᠡ᠃ | ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠢ ᠪᠦᠷᠢ ᠳᠤ 5000 ᠲᠥᠭᠦᠷᠢᠭ | ᠨᠥᠬᠦᠪᠦᠷᠢᠯᠡᠨ᠎ᠡ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 3000 ᠲᠥᠭᠦᠷᠢᠭ | ᠨᠥᠬᠦᠪᠦᠷᠢᠯᠡᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 ᠲᠥᠭᠦᠷᠢᠭ ᠨᠥᠬᠦᠪᠦᠷᠢᠯᠡᠨ᠎ᠡ᠃ ᠪᠤᠰᠤᠳ | ᠦᠷᠭᠦᠯᠵᠢᠯᠡᠨ ᠰᠢᠨ᠎ᠡ ᠪᠠᠷ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠳᠤ ᠠᠶᠢᠮᠠᠭ ᠬᠤᠲᠠ ᠶᠢᠨ ᠠᠵᠤ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ | ᠪᠠᠶᠢᠳᠠᠯ ᠤᠨ ︽ᠨᠢᠭᠡ ᠲᠠᠯ᠎ᠠ ᠶᠢᠨ ᠨᠢᠭᠡ ᠪᠣᠳᠣᠯᠭ᠎ᠠ︾ ᠶᠢ ᠦᠨᠳᠦᠰᠦᠯᠡᠨ ᠳᠡᠮᠵᠢᠯᠭᠡ ᠦᠵᠡᠭᠦᠯᠦᠨ᠎ᠡ᠃ | 9. ᠾᠧᠰᠲ᠋ᠠᠨ ᠵᠡᠷᠭᠡ ᠰᠦ ᠰᠢᠭᠦᠷᠡᠭᠦᠯᠬᠦ ᠲᠤᠰᠬᠠᠢ ᠬᠡᠷᠡᠭᠯᠡᠭᠡᠨ ᠤ ᠰᠠᠭᠠᠯᠢ ᠶᠢᠨ ᠦᠨᠢᠶ᠎ᠡ ᠶᠢ ᠲᠡᠵᠢᠭᠡᠨ | ᠦᠷᠡᠵᠢᠭᠦᠯᠬᠦ ᠳᠤ᠂ 100 ︱ 3000 ᠲᠣᠯᠣᠭᠠᠢ ᠲᠡᠵᠢᠭᠡᠵᠦ ᠪᠠᠶᠢᠭ᠎ᠠ ᠲᠡᠵᠢᠭᠡᠨ ᠦᠷᠡᠵᠢᠭᠦᠯᠬᠦ ᠭᠤᠣᠯ | ᠴᠣᠭᠴᠠ ᠳᠤ᠂ ᠲᠣᠯᠣᠭᠠᠢ ᠪᠦᠷᠢ ᠳᠤ 400 ᠲᠥᠭᠦᠷᠢᠭ ᠠᠴᠠ ᠥᠯᠥ ᠬᠡᠲᠦᠷᠡᠬᠦ ᠪᠠᠷᠢᠮᠵᠢᠶ᠎ᠠ ᠪᠠᠷ ᠨᠥᠬᠦᠪᠦᠷᠢ | ᠥᠭᠴᠦ᠂ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠲᠡᠵᠢᠭᠡᠨ ᠦᠷᠡᠵᠢᠭᠦᠯᠬᠦ ᠪᠡᠯᠡᠳᠬᠡᠮᠵᠢ | ᠲᠣᠨᠤᠭ ᠲᠥᠬᠦᠭᠡᠷᠦᠮᠵᠢ ᠶᠢ ᠥᠭᠡᠷᠡᠴᠢᠯᠡᠨ ᠲᠠᠰ ᠳᠡᠪᠰᠢᠭᠦᠯᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ ᠢ | ᠪᠠᠭᠤᠷᠠᠭᠤᠯᠬᠤ ᠳᠤ ᠬᠡᠷᠡᠭᠯᠡᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠤᠨ ᠲᠡᠵᠢᠭᠡᠯ ᠪᠣᠷᠳᠤᠭ᠎ᠠ ᠶᠢᠨ | ᠰᠢᠮ᠎ᠡ ᠲᠡᠵᠢᠭᠡᠯ᠂ ᠦᠷ᠎ᠡ ᠰᠣᠩᠭᠤᠨ ᠬᠡᠭᠡᠯᠲᠦᠭᠦᠯᠬᠦ᠂ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ | ᠠᠷᠠᠴᠢᠯᠠᠵᠤ ᠬᠠᠮᠢᠶᠠᠷᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠣᠷᠴᠢᠨ ᠲᠣᠭᠤᠷᠢᠨ ᠢ ᠡᠵᠡᠮᠳᠡᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢ ᠳᠡᠮᠵᠢᠨ᠎ᠡ᠃ | 10᠂ ᠣᠨᠴᠠᠯᠢᠭᠲᠤ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ 2022 | ᠣᠨ ︵ᠪᠠᠭᠲᠠᠨ᠎ᠠ︶ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ 5000 ᠠᠴᠠ ᠳᠡᠭᠡᠭᠰᠢᠬᠢ ᠰᠠᠭᠠᠯᠢ ᠶᠢᠨ ᠬᠤᠨᠢᠨ ᠤ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠳᠤ 200 ᠲᠦᠮᠡᠨ ᠲᠥᠭᠦᠷᠢᠭ ᠤᠨ ᠨᠥᠬᠦᠪᠦᠷᠢ ᠥᠭᠴᠦ᠂ 5000 | ᠶᠢ ᠨᠡᠮᠡᠭᠳᠡᠭᠦᠯᠬᠦ ᠪᠦᠷᠢ 200 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ 2022 ᠣᠨ ︵ᠪᠠᠭᠲᠠᠨ᠎ᠠ︶ | ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 200 ᠪᠦᠬᠦ ᠠᠴᠠ ᠳᠡᠭᠡᠭᠰᠢᠬᠢ ᠲᠡᠮᠡᠭᠡ ᠲᠡᠵᠢᠭᠡᠨ ᠦᠷᠡᠵᠢᠭᠦᠯᠬᠦ | ᠲᠠᠯᠠᠪᠠᠶ ︵ᠵᠢᠯ ᠤᠨ ᠰᠦ ᠶᠢᠨ ᠭᠠᠷᠤᠯᠲᠠ ᠶᠢ 50 ᠲᠣᠨ ᠠᠴᠠ ᠳᠣᠣᠷ᠎ᠠ ᠪᠠᠶᠢᠯᠭᠠᠬᠤ ᠦᠭᠡᠢ︶ ᠳᠤ 40 ᠲᠦᠮᠡᠨ | ᠲᠥᠭᠦᠷᠢᠭ ᠤᠨ ᠨᠥᠬᠦᠪᠦᠷᠢ ᠥᠭᠴᠦ᠂ ᠥᠭᠡᠷᠡᠴᠢᠯᠡᠨ ᠲᠠᠰ ᠳᠡᠪᠰᠢᠭᠦᠯᠬᠦ ᠳᠤ 20 ᠲᠦᠮᠡᠨ ᠲᠥᠭᠦᠷᠢᠭ ᠤᠨ | ᠨᠥᠬᠦᠪᠦᠷᠢ ᠥᠭᠴᠦ᠂ ᠰᠢᠨ᠎ᠡ ᠪᠠᠷ ᠪᠠᠶᠢᠭᠤᠯᠤᠭᠰᠠᠨ 50 ᠠᠴᠠ ᠳᠡᠭᠡᠭᠰᠢᠬᠢ ᠠᠳᠤᠭᠤ ᠲᠡᠵᠢᠭᠡᠨ ᠦᠷᠡᠵᠢᠭᠦᠯᠬᠦ | ᠲᠠᠯᠠᠪᠠᠶ ︵ᠵᠢᠯ ᠤᠨ ᠰᠦ ᠶᠢᠨ ᠭᠠᠷᠤᠯᠲᠠ ᠶᠢ 10 ᠲᠣᠨ ᠠᠴᠠ ᠳᠣᠣᠷ᠎ᠠ ᠪᠠᠶᠢᠯᠭᠠᠬᠤ ᠦᠭᠡᠢ︶ ᠳᠤ 10 ᠲᠦᠮᠡᠨ | ᠲᠥᠭᠦᠷᠢᠭ ᠤᠨ ᠨᠥᠬᠦᠪᠦᠷᠢ ᠥᠭᠴᠦ᠂ ᠥᠭᠡᠷᠡᠴᠢᠯᠡᠨ ᠲᠠᠰ ᠳᠡᠪᠰᠢᠭᠦᠯᠬᠦ ᠳᠤ 5 ᠲᠦᠮᠡᠨ ᠲᠥᠭᠦᠷᠢᠭ ᠤᠨ | ᠨᠥᠬᠦᠪᠦᠷᠢ ᠥᠭᠭᠦᠨ᠎ᠡ᠃ | 11᠂ ᠲᠦᠭᠦᠬᠡᠢ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠶᠢᠨ ᠭᠡᠷ᠎ᠡ ᠲᠣᠭᠲᠠᠬᠤ ᠨᠣᠷᠮ᠎ᠠ ᠶᠢ | ᠳᠡᠭᠡᠭᠰᠢᠯᠡᠭᠦᠯᠵᠦ᠂ ᠣᠷᠣᠨ ᠤ ᠳᠣᠲᠣᠷᠠᠬᠢ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ᠂ ᠣᠷᠣᠨ ᠨᠤᠲᠤᠭ ᠤᠨ | ᠣᠨᠴᠠᠯᠢᠭᠲᠤ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠣᠷᠣᠨ ᠤ | ᠳᠣᠲᠣᠷᠠᠬᠢ ᠦᠷᠭᠦᠯᠵᠢᠯᠡᠨ 12 ᠰᠠᠷ᠎ᠠ ᠬᠠᠮᠲᠤᠷᠠᠯᠴᠠᠭᠠᠨ ᠤ ᠪᠠᠲᠤᠯᠠᠭ᠎ᠠ ᠦᠭᠡᠢ ᠬᠤᠯᠠᠨᠳ᠋ ᠤᠨ ᠰᠠᠭᠠᠯᠢ ᠶᠢᠨ ᠦᠨᠢᠶ᠎ᠡ | ᠲᠡᠵᠢᠭᠡᠨ ᠦᠷᠡᠵᠢᠭᠦᠯᠬᠦ ᠲᠠᠯᠠᠪᠠᠶ ᠯᠤᠭ᠎ᠠ 2 ᠵᠢᠯ ᠠᠴᠠ ᠳᠡᠭᠡᠭᠰᠢ ᠬᠤᠳᠠᠯᠳᠤᠨ ᠠᠪᠴᠤ ᠪᠣᠷᠣᠯᠠᠭᠤᠯᠬᠤ ᠭᠡᠷ᠎ᠡ | ᠲᠣᠭᠲᠠᠬᠤ ᠶᠢ ᠵᠣᠷᠢᠭᠵᠢᠭᠤᠯᠤᠨ᠎ᠠ᠃ ᠨᠢᠭᠡ ᠲᠡᠵᠢᠭᠡᠨ ᠦᠷᠡᠵᠢᠭᠦᠯᠬᠦ ᠲᠠᠯᠠᠪᠠᠶ ᠲᠠᠢ ᠰᠢᠨ᠎ᠡ ᠪᠠᠷ ᠭᠡᠷ᠎ᠡ ᠲᠣᠭᠲᠠᠬᠤ ᠶᠢᠨ | ᠬᠠᠮᠲᠤ ᠡᠳᠦᠷ ᠲᠤ 1 ᠲᠣᠨ ᠠᠴᠠ ᠳᠡᠭᠡᠭᠰᠢ ᠲᠦᠭᠦᠬᠡᠢ ᠰᠦ ᠬᠤᠳᠠᠯᠳᠤᠨ ᠠᠪᠤᠪᠠᠯ᠂ ︽ᠤᠷᠢᠳᠠᠪᠠᠷ ᠭᠠᠷ ᠤᠨ | ᠥᠰᠥᠭ ᠵᠢᠷᠤᠵᠤ ᠳᠠᠷᠠᠭ᠎ᠠ ᠨᠢ ᠨᠥᠬᠦᠪᠦᠷᠢᠯᠡᠬᠦ᠂ ᠤᠷᠢᠳᠠᠪᠠᠷ ᠬᠤᠷᠢᠶᠠᠵᠤ ᠳᠠᠷᠠᠭ᠎ᠠ ᠨᠢ ᠨᠥᠬᠦᠪᠦᠷᠢᠯᠡᠬᠦ︾ | ᠬᠡᠯᠪᠡᠷᠢ ᠪᠠᠷ ᠡᠳ᠋ᠰᠢᠭᠦᠯᠬᠦ ᠠᠵᠤ ᠠᠬᠤᠶᠢᠯᠠᠯ ︵ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ︶ | ᠳᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ 10 ᠲᠦᠮᠡᠨ ᠲᠥᠭᠦᠷᠢᠭ ᠤᠨ ᠨᠥᠬᠦᠪᠦᠷᠢ ᠦᠭᠭᠦᠨ᠎ᠡ ᠃ | 12᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠭᠠᠴᠢᠯᠠᠯᠳᠠ ᠂ ᠪᠣᠬᠢᠷᠲᠤᠯ ᠦᠭᠡᠢ ᠬᠥᠭᠵᠢᠯᠲᠡ ᠶᠢ | ᠳᠡᠮᠵᠢᠵᠦ᠂ ᠤᠯᠤᠰ ᠤᠨ ᠰᠦᠨ ᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ | ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ 5000 ᠲᠦᠮᠡᠨ ᠲᠥᠭᠦᠷᠢᠭ ᠠᠴᠠ ᠳᠡᠭᠡᠭᠰᠢ ᠪᠡᠯᠡ | ᠮᠥᠩᠭᠦ ᠲᠣᠬᠢᠷᠠᠭᠤᠯᠵᠤ᠂ ᠲᠡᠵᠢᠭᠡᠨ ᠦᠷᠡᠵᠢᠭᠦᠯᠬᠦ᠂ ᠰᠦ ᠰᠠᠭᠠᠬᠤ᠂ ᠡᠷᠡᠭᠦᠯᠵᠢᠯ᠂ ᠬᠢᠵᠢᠭ ᠢ ᠰᠡᠷᠭᠡᠶᠢᠯᠡᠬᠦ ᠵᠡᠷᠭᠡ | ᠵᠠᠩᠭᠢᠯᠠᠭ᠎ᠠ ᠶᠢᠨ ᠲᠠᠯ᠎ᠠ ᠶᠢᠨ ᠪᠡᠯᠡᠳᠬᠡᠮᠵᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠨᠢᠭᠡ ᠪᠦᠯᠦᠭ | ᠥᠨᠳᠥᠷ ᠬᠢᠷᠢ ᠲᠦᠪᠰᠢᠨ ᠪᠦᠬᠦᠢ ᠵᠣᠬᠢᠬᠤ ᠬᠡᠪᠴᠢᠶᠡᠲᠦ ᠣᠲᠣ ᠦᠶ᠎ᠡ ᠶᠢᠨ ᠣᠶᠤᠨᠴᠢ ᠮᠠᠯᠵᠢᠯ ᠤᠨ ᠲᠠᠯᠠᠪᠠᠶ ᠶᠢ | ᠪᠦᠲᠦᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠣᠭᠠᠴᠢᠯᠠᠯᠲᠠ᠂ ᠣᠶᠤᠨᠴᠢᠯᠠᠯᠲᠠ ᠶᠢ | ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠠᠶᠢᠨ ᠰᠠᠶᠢᠬᠠᠨ ᠲᠠᠷᠢᠶᠠᠯᠠᠩ ᠤᠨ ᠵᠢᠷᠤᠮᠵᠢᠯ ᠤᠨ | ᠭᠡᠷᠡᠴᠢᠯᠡᠯ ︵GAP︶ ᠢ ᠥᠷᠨᠢᠭᠦᠯᠬᠦ ᠶᠢ ᠳᠡᠮᠵᠢᠵᠦ᠂ ᠭᠡᠷᠡᠴᠢᠯᠡᠯᠲᠡ ᠪᠠᠷ ᠳᠠᠮᠵᠢᠭᠰᠠᠨ ᠪᠠᠶᠢᠪᠠᠯ ᠨᠢᠭᠡ | ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠦᠭᠭᠦᠨ᠎ᠡ ᠃ | ᠰᠦᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠶᠢ ᠰᠢᠯᠢᠳᠡᠭᠵᠢᠭᠦᠯᠦᠨ ᠴᠢᠩᠭᠠᠳᠬᠠᠵᠤ ᠠᠵᠤ ᠦᠢᠯᠡᠰ ᠤᠨ | ᠲᠠᠰ ᠳᠡᠪᠰᠢᠬᠦ ᠶᠢ ᠠᠬᠢᠭᠤᠯᠤᠨ᠎ᠠ | 13᠂ ᠴᠠᠭᠠᠨ ᠢᠳᠡᠭᠡᠨ ᠢ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠭᠦᠨᠵᠡᠭᠡᠢ ᠡᠳ᠋ᠰᠢᠭᠦᠯᠬᠦ ᠶᠢ | ᠬᠥᠭᠵᠢᠭᠦᠯᠬᠦ ᠶᠢ ᠳᠡᠮᠵᠢᠵᠦ᠂ ᠤᠤᠯ ᠤᠨ ᠬᠢᠭᠰᠡᠨ ᠪᠢᠰᠢᠯᠠᠭ᠂ ᠰᠢᠷᠠᠰᠤ᠂ ᠰᠦᠨ ᠤ ᠲᠡᠮᠦᠷ ᠤᠨ ᠤᠭᠤᠷᠠᠭ ᠵᠡᠷᠭᠡ | ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ | ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ | ᠲᠣᠭᠠᠨ ᠤ 10% ᠪᠠᠷ ᠬᠠᠮᠤᠭ ᠤᠨ ᠥᠨᠳᠥᠷ ᠲᠡᠭᠡᠨ 5000 ᠲᠦᠮᠡᠨ ᠲᠥᠭᠦᠷᠢᠭ ᠤᠨ ᠨᠥᠬᠦᠪᠦᠷᠢ ᠦᠭᠭᠦᠨ᠎ᠡ ᠃ | 14᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ | ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠢ ᠲᠠᠰ ᠳᠡᠪᠰᠢᠭᠦᠯᠵᠦ ᠴᠠᠭᠠᠨ | ᠢᠳᠡᠭᠡᠨ ᠤ ᠡᠳ᠋ᠰᠢᠭᠦᠯᠬᠦ ᠠᠵᠤ ᠠᠬᠤᠶᠢᠯᠠᠯ ᠪᠣᠯᠭᠠᠬᠤ ᠳᠤ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ | ᠲᠥᠭᠦᠷᠢᠭ ᠢᠶᠠᠷ ᠱᠠᠩᠨᠠᠨ᠎ᠠ᠃ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠬᠡᠯᠪᠡᠷᠢ ᠶᠢᠨ | ᠦᠢᠯᠡᠳᠪᠦᠷᠢᠯᠡᠬᠦ ᠦᠢᠯᠡᠳᠬᠡᠯ ᠪᠣᠯᠣᠨ ᠡᠳ᠋ᠰᠢᠭᠦᠯᠬᠦ ᠠᠵᠤ ᠠᠬᠤᠶᠢᠯᠠᠯ ᠢ ᠢᠳᠡᠭᠡᠨ ᠤ ᠬᠦᠷᠢᠶᠡᠯᠡᠩ ᠲᠣᠭᠤᠷᠢᠭ ᠲᠡᠰᠢ | ᠲᠥᠪᠯᠡᠷᠡᠭᠦᠯᠬᠦ ᠶᠢ ᠲᠡᠮᠵᠢᠵᠤ ᠂ ᠬᠡᠪᠴᠢᠶᠡᠵᠢᠭᠦᠯᠦᠨ ᠡᠵᠡᠩᠨᠡᠬᠦ ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ ᠃ | ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ | ᠦᠢᠯᠡᠳᠬᠡᠯ ᠤᠨ ᠬᠦᠷᠢᠶᠡᠯᠡᠩ ᠳᠤ ᠣᠷᠣᠪᠠᠯ ᠨᠢᠭᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠵᠤ᠂ | ᠡᠳ᠋ᠰᠢᠭᠦᠯᠬᠦ ᠠᠵᠤ ᠠᠬᠤᠶᠢᠯᠠᠯ ᠤᠨ ᠬᠦᠷᠢᠶᠡᠯᠡᠩ ᠳᠤ ᠣᠷᠣᠪᠠᠯ ᠨᠢᠭᠡ ᠤᠳᠠᠭ᠎ᠠ ᠳᠤ 50 ᠲᠦᠮᠡᠨ ᠲᠥᠭᠦᠷᠢᠭ ᠢᠶᠠᠷ | ᠱᠠᠩᠨᠠᠨ᠎ᠠ᠃ | 15᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠬᠦ ᠶᠢ ᠳᠡᠮᠵᠢᠵᠦ᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠲᠦᠭᠦᠬᠡᠢ ᠰᠢᠨ᠋ ᠰᠦ ᠪᠠᠷ | ᠤᠤᠯ ᠤᠨ ᠬᠢᠭᠰᠡᠨ ᠪᠢᠰᠢᠯᠠᠭ ᠡᠳ᠋ᠰᠢᠭᠦᠯᠬᠦ᠂ ᠳᠡᠭᠡᠷ᠎ᠡ ᠨᠢᠭᠡ ᠵᠢᠯ ᠤᠨ ᠲᠦᠭᠦᠬᠡᠢ ᠰᠢᠨ᠎ᠡ ᠰᠦ ᠪᠠᠷ ᠤᠤᠯ ᠤᠨ | ᠬᠢᠭᠰᠡᠨ ᠪᠢᠰᠢᠯᠠᠭ ᠡᠳ᠋ᠰᠢᠭᠦᠯᠬᠦ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 | ᠲᠥᠭᠦᠷᠢᠭ ᠤᠨ ᠨᠥᠬᠦᠪᠦᠷᠢ ᠥᠭᠭᠦᠨ᠎ᠡ᠃ | 16᠂ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ | ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ | 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠣᠯᠣᠨ | ᠠᠶᠢᠮᠠᠭ ᠬᠤᠲᠠ ᠲᠣᠰ ᠲᠣᠰ 50% ᠶᠢ ᠡᠭᠦᠷᠭᠡᠯᠡᠨ᠎ᠡ᠃ | 17. ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠳ 3 - 5 ᠰᠠᠷ᠎ᠠ ᠳᠤ ᠪᠣᠷᠤᠯᠠᠭᠤᠯᠭ᠎ᠠ ᠮᠠᠭᠤᠲᠠᠢ | ᠤᠯᠠᠷᠢᠯ ᠳᠤ ᠭᠦᠢᠴᠡᠳ ᠲᠤᠭ᠎ᠠ ᠪᠠᠷ ᠰᠦ ᠬᠤᠷᠢᠶᠠᠬᠤ ᠶᠢ ᠲᠡᠮᠵᠢᠵᠤ ᠂ ᠲᠦᠭᠦᠬᠡᠢ ᠰᠦ ᠶᠢ ᠲᠠᠯᠬᠠᠳᠠᠪᠠᠯ ᠂ | ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10% ᠪᠠᠷ ᠲᠣᠨ ᠪᠦᠷᠢ ᠳᠤ1000 ᠲᠥᠭᠦᠷᠢᠭ ᠤᠨ ᠨᠥᠬᠦᠪᠦᠷᠢ | ᠥᠭᠴᠦ ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50% ᠶᠢ | ᠡᠭᠦᠷᠭᠡᠯᠡᠨ᠎ᠡ ᠃ | ᠨᠠᠷᠠᠲᠤ ᠲᠡᠮᠳᠡᠭᠲᠦ ᠶᠢ ᠪᠣᠶᠢᠵᠢᠭᠤᠯᠤᠨ ᠠᠵᠤ ᠦᠢᠯᠡᠰ ᠤᠨ ᠥᠷᠢᠰᠦᠯᠳᠦᠬᠦ ᠬᠦᠴᠦᠨ ᠢ | 18. ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠰᠢᠯᠢ ᠶᠢᠨ ᠭᠤᠣᠯ ᠤᠨ ᠬᠤᠷᠤᠳ ᠂ ᠬᠥᠯᠥᠨ ᠪᠤᠶᠢᠷ ᠤᠨ ᠦᠨᠢᠶᠡᠨ | ᠰᠦ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠭᠠᠵᠠᠷ ᠵᠦᠢ ᠶᠢᠨ ᠢᠯᠡᠷᠬᠡᠶᠢᠯᠡᠯᠳᠦ ᠰᠦᠨ ᠤ ᠪᠦᠲᠦᠭᠡᠭᠳᠡᠬᠦᠨ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠭᠦᠯᠦᠨ᠂ ᠲᠦᠭᠦᠬᠡᠢ ᠰᠦ ᠵᠢᠴᠢ ᠡᠳ᠋ᠰᠢᠭᠦᠯᠦᠭᠰᠡᠨ ᠪᠦᠲᠦᠭᠡᠭᠳᠡᠬᠦᠨ ᠤ ᠲᠣᠭᠤᠷᠢᠨ ᠳᠤ | ︽ᠮᠣᠩᠭᠤᠯ︾ ᠥᠰᠥᠭ ᠤᠨ ᠲᠡᠮᠳᠡᠭ ᠢ ᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠨ᠎ᠠ︔ ︽ᠮᠣᠩᠭᠤᠯ︾ ᠥᠰᠥᠭ ᠤᠨ | ᠲᠡᠮᠳᠡᠭ ᠢ ᠭᠡᠷᠡᠴᠢᠯᠡᠬᠦ ᠶᠢ ᠥᠷᠨᠢᠭᠦᠯᠵᠦ᠂ ᠭᠠᠵᠠᠷ ᠵᠦᠢ ᠶᠢᠨ ᠢᠯᠡᠷᠬᠡᠶᠢᠯᠡᠯᠳᠦ ᠰᠦᠨ ᠤ ᠪᠦᠲᠦᠭᠡᠭᠳᠡᠬᠦᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠨᠠᠷᠢᠯᠢᠭ ᠪᠥᠭᠡᠳ | ᠬᠦᠴᠦᠷᠬᠡᠭᠵᠢᠭᠦᠯᠦᠨ᠎ᠡ᠃ | 19. ᠠᠵᠤ ᠦᠢᠯᠡᠰ ᠤᠨ ᠣᠨᠴᠠᠯᠢᠭ ᠲᠤ ᠲᠦᠰᠢᠭᠯᠡᠨ ᠠᠵᠤ ᠠᠬᠤᠶᠢᠯᠠᠯ ᠤᠨ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠵᠤ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠦᠢᠯᠡᠳᠬᠦᠨ ᠤ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ | ᠪᠣᠶ ᠪᠣᠯᠭᠠᠬᠤ ᠶᠢ ᠴᠢᠩᠭᠠᠳᠬᠠᠵᠤ᠂ ᠢᠮᠠᠭᠠᠨ ᠰᠦ ᠂ ᠢᠩᠭᠡᠨ ᠰᠦ ᠂ ᠴᠡᠭᠡ ᠵᠡᠷᠭᠡ ᠣᠨᠴᠠᠯᠢᠭᠲᠤ ᠴᠠᠭᠠᠨ | ᠢᠳᠡᠭᠡᠨ ᠤ ᠰᠢᠨ᠎ᠡ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠂ ᠬᠡᠯᠬᠢᠶᠡᠵᠢᠭᠰᠡᠨ ᠠᠵᠤ ᠠᠬᠤᠶᠢᠯᠠᠯ ᠤᠨ | ᠣᠯᠠᠨ ᠤᠯᠤᠰ ᠤᠨ ᠫᠠᠶᠢᠰᠠ ᠶᠢ ᠰᠠᠶᠢᠲᠤᠷ ᠬᠢᠨ᠎ᠡ᠃ | 20᠂ ᠳᠡᠯᠡᠬᠡᠢ ᠶᠢᠨ ᠰᠦᠨ ᠤ ᠦᠢᠯᠡᠰ ᠤᠨ ᠶᠡᠭᠡ ᠬᠤᠷᠠᠯ ᠢ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ | ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠮᠵᠢᠯᠲᠠ ᠪᠦᠲᠦᠮᠵᠢ ᠶᠢ ᠭᠦᠢᠴᠡᠳ ᠬᠠᠷᠠᠭᠤᠯᠤᠨ᠎ᠠ᠃ | ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ᠂ ᠮᠧᠩ ᠨᠢᠦ ᠳᠤᠮᠳᠠᠳᠤ ᠤᠯᠤᠰ ᠤᠨ | ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠤᠨ ᠬᠤᠶᠠᠷ ᠲᠣᠮᠣ ᠮᠢᠩᠭᠠᠨ ᠳ᠋ᠦᠩᠰᠢᠭᠤᠷ ᠤᠨ ᠲᠠᠰ ᠤᠨ | ︽ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ︾ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠪᠥᠬᠦ ᠪᠥᠮᠪᠥᠷᠴᠡᠭ ᠤᠨ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠥᠨᠳᠦᠷᠯᠢᠭ ᠢ ᠪᠣᠶ | ᠪᠣᠯᠭᠠᠨ᠎ᠠ᠃ | ᠬᠡᠷᠡᠭᠯᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ ᠴᠠᠭᠠᠨ ᠢᠳᠡᠭᠡᠨ ᠤ ᠪᠤᠷᠤᠯᠠᠭᠤᠯᠭ᠎ᠠ ᠶᠢ | ᠦᠷᠭᠡᠳᠬᠡᠨ᠎ᠡ | 21᠂ ᠰᠦᠨ ᠤ ᠦᠢᠯᠡᠰ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠴᠠᠭᠠᠨ ᠢᠳᠡᠭᠡᠨ ᠤ ᠰᠢᠮ᠎ᠡ | ᠲᠡᠵᠢᠭᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠣᠯᠠᠨ ᠶᠠᠩᠵᠤᠴᠢᠯᠠᠭᠰᠠᠨ᠂ ᠣᠷᠣᠨ ᠨᠤᠲᠤᠭᠴᠢᠯᠠᠭᠰᠠᠨ | ᠬᠡᠷᠡᠭᠯᠡᠭᠡᠨ ᠤ ᠳᠠᠳᠬᠠᠯ ᠢ ᠪᠣᠶᠢᠵᠢᠭᠤᠯᠤᠨ᠎ᠠ᠃ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠠᠵᠤ | ᠠᠬᠤᠶᠢᠯᠠᠯ ᠤᠨ ᠬᠡᠷᠡᠭᠯᠡᠭᠴᠢᠳ ᠤᠨ ᠬᠡᠷᠡᠭᠯᠡᠭᠡᠨ ᠤ ᠦᠵᠡᠰᠬᠦᠯᠡᠩ ᠂ ᠨᠣᠭᠤᠭᠠᠨ ᠤ ᠦᠵᠡᠰᠬᠦᠯᠡᠩ ᠤᠨ ᠴᠤᠭᠯᠠᠭᠠᠨ | ᠵᠡᠷᠭᠡ ᠤᠯᠤᠰ ᠤᠨ ᠳᠣᠲᠣᠭᠠᠳᠤ ᠶᠢᠨ ᠨᠡᠷᠡᠳᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠶᠢ ᠲᠡᠮᠵᠢᠵᠤ ᠂ | ᠳᠡᠯᠭᠡᠨ ᠪᠣᠷᠣᠯᠠᠭᠤᠯᠬᠤ ᠠᠵᠢᠯᠯᠠᠭ᠎ᠠ ᠡᠷᠬᠢᠯᠡᠵᠤ ᠂ ᠴᠠᠭᠠᠨ ᠢᠳᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ | ᠥᠷᠭᠡᠳᠬᠡᠨ᠎ᠡ ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠴᠢᠩᠭᠠᠳᠬᠠᠵᠤ᠂ ᠨᠡᠶᠢᠭᠡᠮ ᠤᠨ ᠠᠩᠬᠠᠷᠴᠤ | ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤ ᠥᠭᠴᠦ᠂ ᠥᠪᠥᠷ ᠮᠣᠩᠭᠤᠯ ᠤᠨ ᠰᠦᠨ ᠤ ᠦᠢᠯᠡᠰ ᠤᠨ | ᠰᠠᠶᠢᠨ ᠰᠠᠶᠢᠬᠠᠨ ᠳᠦᠷᠢ ᠳᠥᠷᠬᠦ ᠶᠢ ᠬᠠᠮᠠᠭᠠᠯᠠᠨ᠎ᠠ᠃ | 22᠂ ᠠᠵᠤ ᠦᠢᠯᠡᠳᠪᠦᠷᠢ ᠶᠢᠨ ᠵᠢᠭᠤᠯᠴᠢᠯᠠᠯ ᠢ ᠵᠣᠷᠢᠭᠵᠢᠭᠤᠯᠤᠨ ᠬᠥᠭᠵᠢᠭᠦᠯᠵᠦ᠂ ᠨᠥᠬᠦᠴᠡᠯ ᠳᠤ | ᠨᠡᠶᠢᠴᠡᠬᠦ ᠰᠦᠨ ᠤ ᠠᠵᠤ ᠦᠢᠯᠡᠰ ᠤᠨ ᠬᠡᠯᠬᠢᠶ᠎ᠡ ᠶᠢᠨ ᠠᠵᠤ ᠠᠬᠤᠶᠢᠯᠠᠯ ᠤᠨ ᠤᠯᠤᠰ ᠤᠨ ᠠᠵᠤ ᠦᠢᠯᠡᠳᠪᠦᠷᠢ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ A ᠲᠠᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠴᠠᠭᠠᠨ ᠢᠳᠡᠭᠡᠨ ᠤ ︽ᠬᠡᠷᠡᠭᠯᠡᠭᠡ + ᠵᠢᠭᠤᠯᠴᠢᠯᠠᠯ︾ ᠤᠨ ᠰᠢᠨ᠎ᠡ | ᠵᠠᠭᠪᠤᠷ ᠢ ᠪᠣᠶ ᠪᠣᠯᠭᠠᠨ᠎ᠠ᠃ ᠰᠠᠭᠠᠯᠢ ᠶᠢᠨ ᠦᠨᠢᠶ᠎ᠡ ᠶᠢᠨ ᠰᠡᠯᠡᠭᠦᠴᠡᠯ ᠵᠤᠭᠠᠴᠠᠯ ᠤᠨ ᠮᠠᠯᠵᠢᠯ ᠤᠨ ᠲᠠᠯᠠᠪᠠᠶ ᠶᠢ | ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠡᠭᠦᠳᠦᠨ ᠪᠠᠶᠢᠭᠤᠯᠤᠭᠠᠳ ᠠᠮᠵᠢᠯᠲᠠ ᠣᠯᠣᠭᠰᠠᠨ ᠲᠡᠵᠢᠭᠡᠨ | ᠦᠷᠡᠵᠢᠭᠦᠯᠬᠦ ᠲᠠᠯᠠᠪᠠᠶ ᠶᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠬᠥᠳᠡᠭᠡ ᠬᠦᠷᠴᠦ ᠵᠤᠭᠠᠴᠠᠮᠠᠷ ᠰᠠᠨᠠᠬᠤ | ᠶᠤᠮ ︾ ᠬᠥᠳᠡᠭᠡ ᠲᠣᠰᠬᠤᠨ ᠤ ᠰᠡᠯᠡᠭᠦᠴᠡᠯ ᠵᠤᠭᠠᠴᠠᠯ ᠤᠨ ᠰᠦᠯᠵᠢᠶᠡᠨ ᠳᠡᠭᠡᠷᠡᠬᠢ ᠲᠠᠪᠴᠠᠩ ᠳᠤ ᠣᠷᠣᠭᠤᠯᠤᠨ | ᠳᠡᠯᠭᠡᠷᠡᠭᠦᠯᠦᠨ᠎ᠡ᠃ | 23᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ | ᠴᠠᠭᠠᠨ ᠢᠳᠡᠭᠡᠨ ᠤ ᠠᠵᠤ ᠠᠬᠤᠶᠢᠯᠠᠯ᠂ ᠡᠯ᠎ᠡ ᠲᠥᠷᠥᠯ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ | ᠪᠤᠯᠪᠠᠰᠤᠷᠠᠯ ᠤᠨ ᠪᠠᠶᠢᠭᠤᠯᠤᠮᠵᠢ ᠵᠡᠷᠭᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ | ᠬᠥᠮᠥᠵᠢᠭᠦᠯᠬᠦ ᠶᠢ ᠳᠡᠮᠵᠢᠵᠦ᠂ ᠴᠠᠭᠠᠨ ᠢᠳᠡᠭᠡᠨ ᠤ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠠᠬᠢᠭᠤᠯᠤᠨ᠎ᠠ᠃ | ᠴᠠᠭᠠᠨ ᠢᠳᠡᠭᠡᠨ ᠤ ᠠᠵᠤ ᠠᠬᠤᠶᠢᠯᠠᠯ ᠪᠠ ᠬᠤᠳᠠᠯᠳᠤᠭᠠᠨ ᠤ ᠡᠷᠦᠬᠡ ᠶᠢᠨ ᠡᠯᠧᠺᠲᠷᠣᠨ ᠬᠤᠳᠠᠯᠳᠤᠭᠠᠨ ᠤ ᠲᠠᠪᠴᠠᠩ | ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠣᠷᠣᠨ ᠨᠤᠲᠤᠭ ᠤᠨ ᠣᠨᠴᠠᠯᠢᠭᠲᠤ | ᠣᠷᠳᠣᠨ ᠪᠠ ᠬᠤᠰᠢᠭᠤᠨ ᠤ ᠳᠡᠯᠭᠡᠭᠦᠷ ᠨᠡᠭᠡᠭᠡᠵᠦ᠂ ᠬᠤᠶᠠᠷ ᠵᠦᠢᠯ ᠤᠨ ᠦᠢᠯᠡᠳᠬᠦᠨ ᠤ ᠰᠦᠯᠵᠢᠶ᠎ᠡ ᠪᠠᠷ | ᠬᠤᠳᠠᠯᠳᠤᠨ ᠠᠪᠬᠤ ᠪᠠᠶᠠᠷ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠵᠡᠷᠭᠡ ᠭᠤᠣᠯ | ᠰᠡᠳᠦᠪᠲᠦ ᠪᠠᠶᠠᠷ ᠤᠨ ᠡᠳᠦᠷ ᠢᠶᠠᠷ ᠳᠠᠮᠵᠢᠭᠤᠯᠤᠨ ᠲᠥᠪᠯᠡᠷᠡᠭᠦᠯᠦᠨ ᠳᠡᠯᠭᠡᠷᠡᠭᠦᠯᠵᠦ ᠡᠵᠡᠩᠨᠡᠨ ᠪᠣᠷᠣᠯᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠦᠷ᠎ᠡ ᠪᠦᠲᠦᠭᠡᠯ ᠢ | ᠬᠤᠪᠢᠷᠠᠭᠤᠯᠤᠨ ᠬᠡᠷᠡᠭᠯᠡᠭᠡ ᠳᠤ ᠤᠷᠤᠭᠤᠯᠬᠤ ᠶᠢ ᠠᠬᠢᠭᠤᠯᠤᠨ᠎ᠠ | 24᠂ ᠤᠯᠤᠰ ᠤᠨ ᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ | ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ | ᠮᠥᠩᠭᠦ ᠲᠣᠬᠢᠷᠠᠭᠤᠯᠤᠨ᠂ ᠰᠦᠨ ᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠨᠢᠭᠡ ᠪᠦᠯᠦᠭ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠨ᠎ᠡ᠃ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ᠂ ᠴᠢᠨᠠᠷ ᠰᠠᠶᠢᠲᠠᠢ᠂ ᠥᠨᠳᠥᠷ ᠨᠡᠮᠡᠯᠲᠡ ᠥᠷᠲᠡᠭ ᠲᠠᠢ ᠳᠡᠭᠡᠳᠦ ᠲᠠᠰ ᠤᠨ ᠴᠠᠭᠠᠨ ᠢᠳᠡᠭᠡᠨ ᠢ ᠨᠡᠭᠡᠭᠡᠨ | ᠬᠥᠭᠵᠢᠭᠦᠯᠬᠦ ᠶᠢ ᠳᠡᠮᠵᠢᠵᠦ᠂ ᠵᠦᠷᠢᠶᠡᠴᠢᠯᠡᠭᠰᠡᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | 25᠂ ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶ᠎ᠡ ᠶᠢᠨ ᠦᠷ᠎ᠡ ᠶᠢᠨ ᠦᠢᠯᠡᠰ ᠤᠨ ᠰᠢᠨ᠎ᠡ ᠶᠢ | ᠡᠭᠦᠳᠬᠦ ᠵᠡᠷᠭᠡ ᠴᠢᠭᠯᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠵᠢᠯ ᠪᠦᠷᠢ ︽ᠵᠠᠷᠯᠠᠨ ᠮᠠᠩᠯᠠᠶᠢᠯᠠᠭᠤᠯᠬᠤ ︾ ᠠᠷᠭ᠎ᠠ | ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ | ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠳᠣᠲᠣᠷ᠎ᠠ ᠨᠠᠶᠢᠳᠠᠪᠤᠷᠢᠵᠢᠭᠤᠯᠤᠨ ᠤᠯᠠᠷᠢᠭᠤᠯᠤᠭᠰᠠᠨ ᠭᠤᠣᠯᠯᠠᠬᠤ ᠮᠡᠷᠭᠡᠵᠢᠯ ᠤᠨ ᠦᠷ᠎ᠡ | ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠢ ᠱᠠᠩᠨᠠᠨ ᠬᠥᠬᠢᠭᠦᠯᠦᠨ᠎ᠡ᠃ ᠰᠦᠨ ᠤ ᠦᠢᠯᠡᠰ ᠤᠨ ᠪᠥᠬᠦ ᠠᠵᠤ | ᠦᠢᠯᠡᠰ ᠤᠨ ᠬᠡᠯᠬᠢᠶ᠎ᠡ ᠶᠢᠨ ᠬᠦᠷᠢᠶ᠎ᠡ ᠴᠠᠷᠠᠭ᠎ᠠ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠪᠤᠶᠤ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠭᠤᠣᠯ ᠴᠣᠭᠴᠠ ᠶᠢ ᠰᠢᠪᠲᠤᠯᠵᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠣᠭᠲᠠᠭᠠᠬᠤ ᠳᠤ ᠭᠤᠣᠯᠳᠠᠯᠭ᠎ᠠ ᠲᠠᠢ ᠳᠡᠮᠵᠢᠯᠭᠡ | ᠦᠵᠡᠭᠦᠯᠦᠨ᠎ᠡ᠃ | 26᠂ ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠬᠤᠯᠪᠣᠭᠳᠠᠯ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠨᠡᠶᠢᠭᠡᠮ ᠤᠨ ᠪᠦᠯᠬᠦᠮ ᠵᠡᠷᠭᠡ ᠶᠢ ᠵᠢᠯᠤᠭᠤᠳᠴᠤ ᠪᠠᠶᠢᠭᠠᠳ ᠣᠷᠣᠨ ᠨᠤᠲᠤᠭ᠂ ᠠᠵᠢᠯ ᠲᠥᠷᠥᠯ᠂ ᠪᠦᠯᠬᠦᠮ ᠵᠡᠷᠭᠡ | ᠪᠠᠷᠢᠮᠵᠢᠶ᠎ᠠ ᠶᠢ ᠰᠤᠳᠤᠯᠤᠨ ᠦᠢᠯᠡᠳᠬᠦ ᠠᠵᠢᠯ ᠢ ᠥᠷᠨᠢᠭᠦᠯᠦᠨ᠎ᠡ᠃ ᠴᠠᠭᠠᠨ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠤᠨ ᠤᠯᠤᠰ ᠪᠣᠯᠣᠨ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠬᠤ ᠶᠢ | ᠵᠣᠷᠢᠭᠵᠢᠭᠤᠯᠵᠤ ᠂ ᠠᠵᠢᠯ ᠲᠥᠷᠥᠯ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠬᠥᠲᠥᠯᠥᠨ ᠵᠢᠯᠤᠭᠤᠳᠴᠤ | ᠳᠡᠭᠡᠭᠰᠢᠯᠡᠭᠦᠯᠦᠨ᠎ᠡ ᠃ | ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠨ᠎ᠠ | 27᠂ ᠰᠠᠭᠠᠯᠢ ᠶᠢᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠵᠤ᠂ | ᠪᠷᠦ᠋ᠼᠧᠯ ᠡᠪᠡᠳᠴᠢᠨ ᠤ ᠸᠠᠺᠼᠢᠨ ᠢ ᠨᠢᠭᠡᠳᠦᠯᠲᠡᠢ ᠬᠤᠳᠠᠯᠳᠤᠨ ᠠᠪᠴᠤ᠂ ᠰᠢᠨ᠎ᠡ ᠲᠤᠭᠤᠯ᠂ ᠰᠢᠨ᠎ᠡ ᠨᠥᠬᠦᠪᠦᠷᠢ | ᠬᠠᠰᠢᠶ᠎ᠠ ᠲᠠᠢ ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠳᠤ ᠡᠭᠡᠯᠢᠯᠡᠭᠡ ᠶᠢᠨ ᠠᠵᠢᠯᠯᠠᠭ᠎ᠠ ᠥᠷᠨᠢᠭᠦᠯᠦᠨ᠎ᠡ︔ | ᠰᠠᠭᠠᠯᠢ ᠶᠢᠨ ᠦᠨᠢᠶ᠎ᠡ ᠶᠢᠨ ᠬᠡᠪᠴᠢᠶᠡᠲᠦ ᠲᠠᠯᠠᠪᠠᠶ ᠶᠢᠨ ᠰᠦᠷᠢᠶ᠎ᠡ ᠡᠪᠡᠳᠴᠢᠨ ᠢ ᠪᠠᠶᠢᠴᠠᠭᠠᠨ ᠬᠡᠮᠵᠢᠬᠦ ᠳᠤ ᠲᠣᠯᠣᠭᠠᠢ | ᠪᠦᠷᠢ ᠳᠤ 15 ᠲᠥᠭᠦᠷᠢᠭ ᠨᠥᠬᠦᠪᠦᠷᠢᠯᠡᠨ᠎ᠡ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ | ᠥᠪᠡᠷᠲᠡᠭᠡᠨ ᠵᠠᠰᠠᠬᠤ ᠣᠷᠣᠨ ᠤ ᠲᠠᠰ ᠤᠨ ᠴᠡᠪᠡᠷᠰᠢᠭᠦᠯᠬᠦ ᠡᠭᠦᠳᠦᠨ ᠪᠠᠶᠢᠭᠤᠯᠬᠤ ᠲᠠᠯᠠᠪᠠᠶ ᠶᠢᠨ ᠦᠨᠡᠯᠡᠨ | ᠵᠢᠱᠢᠯᠲᠡ ᠪᠠᠷ ᠳᠠᠮᠵᠢᠭᠰᠠᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ 50 ᠲᠦᠮᠡᠨ ᠲᠥᠭᠦᠷᠢᠭ ᠢᠶᠠᠷ | ᠱᠠᠩᠨᠠᠵᠤ᠂ ᠤᠯᠤᠰ ᠤᠨ ᠲᠠᠰ ᠤᠨ ᠴᠡᠪᠡᠷᠰᠢᠭᠦᠯᠬᠦ ᠲᠠᠯᠠᠪᠠᠶ ᠪᠤᠶᠤ ᠤᠯᠤᠰ ᠤᠨ ᠲᠠᠰ ᠤᠨ ᠬᠢᠵᠢᠭ ᠦᠭᠡᠢ ᠵᠢᠵᠢᠭ | ᠲᠣᠭᠤᠷᠢᠭ ᠤᠨ ᠦᠨᠡᠯᠡᠨ ᠵᠢᠱᠢᠯᠲᠡ ᠪᠠᠷ ᠳᠠᠮᠵᠢᠭᠰᠠᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ 100 | ᠲᠦᠮᠡᠨ ᠲᠥᠭᠦᠷᠢᠭ ᠢᠶᠠᠷ ᠱᠠᠩᠨᠠᠨ᠎ᠠ ᠃ᠪᠷᠦ᠋ᠼᠧᠯ ᠡᠪᠡᠳᠴᠢᠨ᠂ ᠰᠦᠷᠢᠶ᠎ᠡ ᠡᠪᠡᠳᠴᠢᠨ ᠵᠡᠷᠭᠡ ᠬᠥᠮᠥᠨ ᠮᠠᠯ ᠳᠤ | ᠲᠤᠰᠳᠠᠭ ᠡᠪᠡᠳᠴᠢᠨ ᠪᠠ ᠰᠠᠭᠠᠯᠢ ᠶᠢᠨ ᠦᠨᠢᠶ᠎ᠡ ᠶᠢᠨ ᠪᠠᠶᠢᠩᠭᠤ ᠲᠣᠬᠢᠶᠠᠯᠳᠤᠳᠠᠭ ᠡᠪᠡᠳᠴᠢᠨ ᠤ ᠸᠠᠺᠼᠢᠨ ᠢ | ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ | 28᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠶᠠᠰᠤ ᠴᠢᠨᠠᠷ ᠤᠨ ᠠᠮᠤᠷ | ᠲᠦᠪᠰᠢᠨ ᠢ ᠬᠢᠨᠠᠨ ᠬᠡᠮᠵᠢᠬᠦ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠦᠭᠦᠬᠡᠢ ᠰᠢᠨ᠎ᠡ ᠰᠦ ᠬᠤᠳᠠᠯᠳᠤᠨ ᠠᠪᠬᠤ | ᠥᠷᠲᠡᠭᠡ ᠪᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠨᠠᠨ ᠬᠡᠮᠵᠢᠯᠲᠡ ᠶᠢ ᠨᠡᠶᠢᠳᠡᠮ ᠬᠠᠮᠤᠷᠬᠤ ᠶᠢ ᠦᠨᠡᠨ ᠬᠦ | ᠪᠠᠲᠤᠯᠠᠨ᠎ᠠ᠃ ᠵᠠᠬ᠎ᠠ ᠳᠡᠯᠭᠡᠭᠦᠷ ᠤᠨ ᠬᠠᠩᠭᠠᠨ ᠪᠣᠷᠣᠯᠠᠭᠤᠯᠬᠤ ᠡᠮᠬᠢ ᠳᠢᠭᠯᠢᠮ ᠢ ᠡᠪᠳᠡᠬᠦ ᠵᠡᠷᠭᠡ ᠬᠠᠤᠯᠢ ᠲᠣᠭᠲᠠᠭᠠᠯ | ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ | ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠶᠣᠰᠣᠭᠠᠷ ᠴᠠᠭᠠᠵᠠᠯᠠᠨ᠎ᠠ᠃ | ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠦ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ | 29᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ︽ᠬᠡᠯᠬᠢᠶᠡᠨ ᠤ | ᠳᠠᠷᠤᠭ᠎ᠠ ᠶᠢᠨ ᠳᠦᠷᠢᠮ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ | ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠷᠠᠭᠤᠯᠤᠨ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠶᠢ ᠰᠠᠶᠢᠲᠤᠷ ᠬᠢᠬᠦ ᠬᠡᠷᠡᠭᠲᠡᠢ᠃ ᠨᠥᠬᠦᠪᠦᠷᠢ ᠶᠢᠨ ᠲᠥᠷᠥᠯ ᠤᠨ ᠲᠥᠷᠥ ᠶᠢᠨ | ᠪᠣᠳᠣᠯᠭ᠎ᠠ ᠳᠤ ᠬᠡᠷᠡᠭᠵᠢᠭᠦᠯᠬᠦ ᠨᠠᠷᠢᠨ ᠳᠦᠷᠢᠮ ︵ᠲᠥᠰᠥᠯ︶ ᠢ ᠲᠣᠭᠲᠠᠭᠠᠵᠤ᠂ ᠡᠯ᠎ᠡ ᠬᠠᠷᠢᠭᠤᠴᠠᠯᠭᠠᠲᠤ | ᠨᠢᠭᠡᠴᠢ ᠨᠦᠭᠦᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠤᠨ᠂ ᠠᠵᠢᠯ ᠤᠨ | ᠲᠣᠬᠢᠷᠠᠭᠤᠯᠤᠯᠲᠠ ᠪᠠᠨ ᠴᠢᠩᠭᠠᠳᠬᠠᠵᠤ᠂ ᠠᠵᠢᠯ ᠢᠶᠠᠨ ᠴᠠᠭ ᠲᠤᠬᠠᠢ ᠳᠤ ᠨᠢ ᠰᠤᠳᠤᠯᠵᠤ᠂ ᠡᠭᠦᠷᠭᠡ ᠪᠠᠨ ᠳᠣᠷᠣᠭᠰᠢ | ᠳᠡᠯᠭᠡᠵᠦ᠂ ᠠᠰᠠᠭᠤᠳᠠᠯ ᠢ ᠰᠢᠢᠳᠪᠦᠷᠢᠯᠡᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠳᠡᠪᠰᠢᠭᠦᠯᠦᠨ ᠰᠤᠳᠤᠯᠤᠭᠤᠯᠬᠤ ᠬᠡᠷᠡᠭᠲᠡᠢ᠃ | 30᠂ ᠲᠦᠭᠦᠬᠡᠢ ᠰᠢᠨ᠎ᠡ ᠰᠦᠨ ᠤ ᠦᠢᠯᠡᠳᠪᠦᠷᠢᠯᠡᠯ ᠤᠨ ᠥᠪᠡᠷ ᠤᠨ ᠥᠷᠲᠡᠭ ᠢ ᠬᠢᠨᠠᠨ ᠬᠡᠮᠵᠢᠬᠦ ᠶᠢ | ᠰᠠᠶᠢᠲᠤᠷ ᠬᠢᠵᠦ᠂ ᠠᠷᠠᠯᠵᠢᠶ᠎ᠠ ᠶᠢᠨ ᠯᠠᠪᠯᠠᠯᠲᠠ ᠶᠢᠨ ᠦᠨ᠎ᠡ ᠬᠠᠩᠰᠢ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ | ᠪᠠᠶᠢᠭᠤᠯᠤᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠦᠭᠦᠬᠡᠢ ᠰᠢᠨ᠎ᠡ ᠰᠦᠨ ᠤ ᠦᠨ᠎ᠡ | ᠬᠠᠩᠰᠢ ᠶᠢᠨ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠭᠦᠬᠡᠢ ᠰᠢᠨ᠎ᠡ ᠰᠦᠨ ᠤ ᠬᠤᠳᠠᠯᠳᠤᠨ | ᠠᠪᠬᠤ ᠪᠠ ᠪᠣᠷᠣᠯᠠᠭᠤᠯᠬᠤ ᠡᠮᠬᠢ ᠳᠢᠭᠯᠢᠮ ᠢ ᠲᠣᠭᠲᠠᠪᠤᠷᠢᠵᠢᠭᠤᠯᠤᠨ᠎ᠠ᠃ ᠠᠵᠤ ᠦᠢᠯᠡᠰ ᠤᠨ ᠲᠦᠷᠦ ᠶᠢᠨ | ᠪᠣᠳᠣᠯᠭ᠎ᠠ ᠶᠢ ᠦᠨᠡᠯᠡᠨ ᠵᠢᠱᠢᠬᠦ ᠠᠵᠢᠯ ᠢ ᠢᠳᠡᠪᠬᠢᠲᠡᠢ ᠥᠷᠨᠢᠭᠦᠯᠵᠦ ᠂ ᠵᠠᠬ᠎ᠠ ᠳᠡᠯᠭᠡᠭᠦᠷ ᠤᠨ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ | ᠰᠢᠢᠳᠪᠦᠷᠢᠯᠡᠵᠦ ᠂ ᠬᠡᠲᠦᠷᠡᠮᠡᠬᠡᠢ ᠪᠠᠶᠢᠳᠠᠯ ᠭᠠᠷᠬᠤ ᠶᠢ ᠰᠡᠷᠭᠡᠶᠢᠯᠡᠨ᠎ᠡ ᠃ | 31᠂ ᠰᠢᠯᠵᠢᠭᠦᠯᠦᠨ ᠥᠭᠬᠦ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠰᠦᠨ ᠤ ᠦᠢᠯᠡᠰ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠤᠨ᠎ᠠ᠃ ᠲᠥᠷᠥᠯ | ᠵᠦᠢᠯ ᠤᠨ ᠪᠡᠯᠡ ᠮᠥᠩᠭᠦ ᠶᠢ ᠠᠶᠢᠮᠠᠭ ᠬᠤᠲᠠ ᠠᠴᠠ ᠬᠡᠷᠡᠭᠵᠢᠭᠦᠯᠬᠦ ᠭᠤᠣᠯ ᠴᠣᠭᠴᠠ ᠳᠤ ᠰᠢᠭᠤᠳ ᠰᠢᠯᠵᠢᠭᠦᠯᠦᠨ | ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠲᠦᠷᠦᠭᠦᠯᠡᠬᠦ ᠰᠠᠯᠠᠭ᠎ᠠ | ᠮᠥᠴᠢᠷ ᠲᠠᠢ ᠬᠠᠮᠲᠤᠷᠠᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠯᠡ ᠮᠥᠩᠭᠦ ᠶᠢᠨ | ᠵᠠᠷᠤᠯᠭ᠎ᠠ ᠶᠢᠨ ᠠᠬᠢᠴᠠ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠪᠡᠯᠡ ᠮᠥᠩᠭᠦ ᠶᠢ | ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠪᠤᠲᠠᠲᠠᠶᠢᠵᠢᠭᠤᠯᠬᠤ ᠶᠢ ᠪᠠᠲᠤᠯᠠᠨ᠎ᠠ᠃ | 32. ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ ᠶᠢ ᠰᠠᠶᠢᠲᠤᠷ ᠬᠡᠷᠡᠭᠯᠡᠨ᠎ᠡ ᠃ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠮᠥᠩᠭᠦ᠂ ᠨᠥᠭᠡᠴᠡᠯᠡᠯ ᠭᠦᠢᠴᠡᠳ ᠪᠥᠭᠡᠳ ᠠᠵᠢᠯ ᠡᠬᠢᠯᠡᠭᠦᠯᠬᠦ ᠨᠥᠬᠦᠴᠡᠯ ᠢ | ᠪᠦᠷᠢᠯᠳᠦᠭᠦᠯᠦᠭᠰᠡᠨ ᠰᠦᠨ ᠤ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠲᠥᠷᠥᠯ ᠵᠦᠢᠯ ᠢ ᠤᠷᠢᠳᠠᠪᠠᠷ ᠳᠡᠮᠵᠢᠨ᠎ᠡ᠃ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ | ᠣᠷᠣᠭᠤᠯᠤᠯᠲᠠ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ ᠡᠪᠡᠰᠦᠨ ᠤ ᠦᠢᠯᠡᠰ | ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠢ ᠤᠷᠢᠳᠠᠪᠠᠷ ᠳᠡᠮᠵᠢᠨ᠎ᠡ᠃ | 33᠂ ᠮᠥᠩᠭᠦᠨ ᠭᠦᠢᠯᠭᠡᠭᠡᠨ ᠤ ᠳᠡᠮᠵᠢᠯᠭᠡ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠱᠠᠩᠨᠠᠵᠤ ᠨᠥᠬᠦᠪᠦᠷᠢ ᠥᠭᠬᠦ ᠶᠢ | ᠵᠣᠷᠢᠭᠵᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ | ᠡᠪᠡᠰᠦᠨ ᠤ ᠦᠢᠯᠡᠰ᠂ ᠰᠦᠨ ᠤ ᠦᠢᠯᠡᠰ ᠵᠡᠷᠭᠡ ᠠᠵᠤ ᠠᠬᠤᠶᠢᠯᠠᠯ ᠤᠨ ᠫᠠᠶᠢᠰᠠ ᠡᠯᠭᠦᠨ᠂ ᠵᠠᠬ᠎ᠠ ᠳᠡᠯᠭᠡᠭᠦᠷ ᠲᠤ | ᠭᠠᠷᠴᠤ ᠪᠡᠯᠡ ᠲᠣᠬᠢᠷᠠᠭᠤᠯᠬᠤ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ᠃ ︽ᠳᠠᠭᠠᠳᠬᠠᠯ ᠳᠤ | ᠲᠤᠰᠠᠯᠠᠬᠤ ᠵᠢᠭᠡᠯᠡᠯᠭᠡ︾᠂ ︽ᠠᠮᠢᠳᠤ ᠪᠡᠶᠡᠲᠦ ᠶᠢᠨ ᠵᠢᠭᠡᠯᠡᠯᠭᠡ︾᠂ ︽ᠳᠠᠭᠠᠳᠬᠠᠯ ᠤᠨ ᠬᠠᠭᠤᠳᠠᠰᠤ ᠪᠠᠷ | ᠳᠠᠨᠵᠢᠯᠠᠬᠤ︾᠂ ︽ᠬᠥᠬᠡ ᠳᠠᠷᠤᠰᠢ ᠶᠢᠨ ᠵᠢᠭᠡᠯᠡᠯᠭᠡ︾ ᠵᠡᠷᠭᠡ ᠮᠥᠩᠭᠦᠨ ᠭᠦᠢᠯᠭᠡᠭᠡᠨ ᠤ ᠦᠢᠯᠡᠳᠬᠦᠨ ᠢ ᠶᠡᠬᠡᠪᠡᠷ | ᠳᠡᠯᠭᠡᠷᠡᠭᠦᠯᠦᠨ᠎ᠡ᠃ ᠦᠨᠢᠶᠡᠨ ᠰᠦᠨ ᠤ ᠦᠨ᠎ᠡ ᠬᠠᠩᠰᠢ ᠶᠢᠨ ᠳᠠᠭᠠᠳᠬᠠᠯ ᠤᠨ ᠲᠤᠷᠰᠢᠯᠲᠠ ᠶᠢ ᠰᠦᠪᠡᠭᠴᠢᠯᠡᠨ | ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ ᠲᠡᠵᠢᠭᠡᠨ ᠦᠷᠡᠵᠢᠭᠦᠯᠬᠦ | ᠲᠠᠯᠠᠪᠠᠶ ᠶᠢᠨ ᠵᠢᠭᠡᠯᠡᠯᠭᠡ ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠭᠲᠠᠭᠠᠵᠤ᠂ ᠳᠤᠮᠳᠠ ᠣᠷᠳᠣ ᠬᠤᠭᠤᠴᠠᠭᠠᠨ ᠤ | ᠬᠠᠷᠠᠭᠠᠯᠵᠠᠯᠲᠤ ᠬᠦᠦ ᠶᠢᠨ ᠨᠣᠷᠮ᠎ᠠ ᠲᠠᠢ ᠵᠢᠭᠡᠯᠡᠯᠭᠡ ᠣᠯᠭᠤᠵᠤ᠂ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠶᠢᠨ | ᠡᠵᠡᠯᠡᠬᠦ ᠬᠠᠷᠢᠴᠠᠯ ᠢ ᠥᠷᠭᠡᠳᠬᠡᠨ᠂ ᠲᠠᠷᠢᠶᠠᠯᠠᠩ ᠳᠤ ᠬᠤᠯᠪᠣᠭᠳᠠᠬᠤ ᠵᠢᠭᠡᠯᠡᠯᠭᠡ ᠶᠢᠨ ᠲᠦᠭᠰᠢᠭᠦᠷᠢ ᠶᠢ ᠬᠦᠯᠢᠴᠡᠬᠦ | ᠬᠡᠮᠵᠢᠶ᠎ᠡ ᠶᠢ ᠵᠣᠬᠢᠰᠲᠠᠢ ᠳᠡᠭᠡᠭᠰᠢᠯᠡᠭᠦᠯᠦᠨ᠎ᠡ᠃ | |