ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ ᠮᠢᠬᠠᠨ ᠤ ᠦᠬᠡᠷ ᠴᠦ ᠨᠠᠮᠤᠷ ᠤᠨ ᠲᠠᠷᠭᠤ ᠠᠪᠬᠤ | ᠤᠯᠠᠷᠢᠯ ᠳᠤ ᠣᠷᠣᠯ᠎ᠠ᠃ ᠬᠦᠷᠢᠶ᠎ᠡ ᠬᠤᠰᠢᠭᠤᠨ ᠤ ᠶᠢᠨ ᠨᠢᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠪᠠᠷ | ᠬᠦᠷᠬᠦ ᠳᠤ᠂ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠲᠠᠨ ᠬᠤᠩ ᠱᠠᠨ ᠦᠬᠡᠷ ᠲᠡᠭᠡᠨ ᠪᠣᠷᠳᠤᠭ᠎ᠠ ᠨᠡᠮᠡᠨ ᠶᠠᠭᠠᠷᠠᠵᠤ | ᠪᠠᠶᠢᠪᠠ᠃ ᠣᠳᠣᠬᠠᠨ ᠳᠤ᠂ ᠲᠡᠭᠦᠨ ᠤ ᠬᠤᠷᠰᠢᠶᠠᠨ ᠳᠤ 300 ᠭᠠᠷᠤᠢ ᠰᠢᠮᠧᠨ᠋ᠳᠡᠷ ᠦᠬᠡᠷ ᠲᠠᠢ᠂ ᠭᠡᠶ᠎ᠡ ᠲᠡᠷᠡ 150 | ᠦᠬᠡᠷ ᠲᠡᠭᠡᠨ ᠤᠳᠤᠮ ᠤᠨ ᠴᠠᠳᠢᠭ ᠢ ᠪᠠᠶᠢᠭᠤᠯᠤᠨ ᠥᠭᠴᠦ᠂ ︽ᠡᠷᠦᠭᠡ ᠠᠮᠠ ᠶᠢᠨ ᠳᠡᠪᠲᠡᠷ︾ ᠲᠠᠢ ᠪᠣᠯᠭᠠᠨ᠂ | ᠮᠢᠬᠠᠨ ᠤ ᠦᠬᠡᠷ ᠤᠨ ᠥᠰᠦᠯᠲᠡ ᠪᠤᠶᠢᠵᠢᠯᠲᠠ ᠳᠤ ᠰᠠᠭᠤᠷᠢ ᠲᠤᠭ᠎ᠠ ᠪᠠᠷᠢᠮᠲᠠ ᠶᠢ ᠬᠠᠩᠭᠠᠭᠰᠠᠨ ᠪᠠᠶᠢᠨ᠎ᠠ᠃ | ︽ᠮᠢᠬᠠᠨ ᠤ ᠦᠬᠡᠷ ᠤᠨ ᠤᠳᠤᠮ ᠤᠨ ᠴᠠᠳᠢᠭ ᠢ ᠪᠠᠶᠢᠭᠤᠯᠬᠤ ᠶᠢᠨ ᠰᠠᠶᠢᠨᠲᠠᠢ ᠲᠠᠯ᠎ᠠ ᠨᠢ ᠣᠶᠢᠷ᠎ᠠ ᠲᠥᠷᠥᠯ ᠤᠨ | ᠦᠷᠡᠵᠢᠯᠲᠡ ᠠᠴᠠ ᠵᠠᠶᠢᠯᠠᠵᠤ ᠴᠢᠳᠠᠨ᠎ᠠ᠂ ᠣᠶᠢᠷ᠎ᠠ ᠲᠥᠷᠥᠯ ᠤᠨ ᠦᠷᠡᠵᠢᠯ ᠨᠢ ᠦᠬᠡᠷ ᠤᠨ ᠥᠰᠦᠯᠲᠡ ᠶᠢᠨ | ᠬᠤᠷᠳᠤᠴᠠ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠵᠡᠷᠭᠡ ᠶᠢ ᠮᠠᠰᠢ ᠶᠡᠭᠡ ᠨᠥᠯᠥᠭᠡᠯᠡᠳᠡᠭ᠂ 2000 | ᠣᠨ ᠠᠴᠠ ᠣᠲᠣ ᠪᠤᠯᠲᠠᠯ᠎ᠠ᠂ ᠪᠢ 150 ᠦᠬᠡᠷ ᠲᠡᠭᠡᠨ ᠭᠤᠷᠪᠠᠨ ᠦᠶ᠎ᠡ ᠠᠴᠠ ᠳᠡᠭᠡᠭᠰᠢ ᠤᠳᠤᠮ ᠤᠨ ᠴᠠᠳᠢᠭ | ᠪᠠᠶᠢᠭᠤᠯᠵᠤ ᠥᠭᠴᠡᠢ᠂ ᠢᠩᠭᠢᠵᠦ ᠬᠢᠪᠡᠯ ᠵᠠᠬ᠎ᠠ ᠳᠡᠯᠭᠡᠭᠦᠷ ᠤᠨ ᠦᠨ᠎ᠡ ᠥᠷᠲᠡᠭ ᠨᠢ ᠶᠡᠭᠡ ᠪᠠᠷ ᠳᠡᠭᠡᠭᠰᠢᠯᠡᠬᠦ ᠪᠣᠯᠣᠨ᠎ᠠ᠂ | ᠤᠳᠤᠮ ᠤᠨ ᠴᠠᠳᠢᠭ ᠲᠠᠢ ᠦᠬᠡᠷ ᠨᠢᠭᠡᠪᠦᠷᠢ ᠵᠠᠬ᠎ᠠ ᠳᠡᠯᠭᠡᠭᠦᠷ ᠤᠨ ᠦᠨ᠎ᠡ ᠠᠴᠠ 1000 ᠠᠴᠠ 3000 | ᠲᠥᠭᠦᠷᠢᠭ ᠥᠨᠳᠥᠷ ᠪᠠᠶᠢᠵᠤ᠂ 100 ᠭᠠᠷᠤᠢ ᠦᠬᠡᠷ ᠨᠢ ᠢᠯᠡᠭᠦᠦ ᠬᠡᠳᠦᠨ ᠠᠷᠪᠠᠨ ᠲᠦᠮᠡ ᠬᠤᠳᠠᠯᠳᠤᠨ᠎ᠠ᠂ | ᠴᠠᠳᠢᠭ ᠲᠠᠢ ᠪᠣᠯᠴᠢᠬᠠᠪᠠᠯ ᠪᠢᠳᠡ ᠦᠷ᠎ᠡ ᠰᠣᠩᠭᠤᠬᠤ ᠲᠠᠯ᠎ᠠ ᠪᠠᠷ ᠳᠣᠲᠣᠷ᠎ᠠ ᠪᠠᠨ ᠲᠤᠭ᠎ᠠ ᠲᠠᠢ ᠪᠣᠯᠴᠢᠬᠠᠨ᠎ᠠ︾ ᠭᠡᠵᠦ | ᠬᠤᠩ ᠱᠠᠨ ᠬᠡᠯᠡᠨ᠎ᠡ᠃ | ᠬᠤᠷᠰᠢᠶ᠎ᠠ ᠪᠠᠶᠢᠭᠤᠯᠤᠭᠳᠠᠬᠤ ᠡᠬᠢᠨ ᠤ ᠦᠶ᠎ᠡ ᠠᠴᠠ ᠬᠤᠩ ᠱᠠᠨ ᠥᠪᠡᠷ ᠤᠨ ᠭᠡᠷ ᠤᠨ ᠦᠬᠡᠷ ᠤᠨ ᠢᠶᠠᠨ | ᠡᠭᠦᠯᠳᠡᠷ ᠢ ᠰᠠᠶᠢᠵᠢᠷᠠᠭᠤᠯᠵᠤ ᠡᠬᠢᠯᠡᠯ᠎ᠡ᠃ ᠤᠳᠤ ᠲᠡᠳᠡᠨ ᠤ ᠭᠡᠷ ᠤᠨ ᠰᠢᠮᠧᠨ᠋ᠳᠡᠷ ᠦᠬᠡᠷ ᠤᠨ ᠣᠯᠠᠩᠬᠢ ᠨᠢ | ᠳᠥᠷᠪᠡᠳᠦᠭᠡᠷ ᠦᠶ᠎ᠡ ᠶᠢᠨ ᠡᠭᠦᠯᠳᠡᠷ ᠪᠣᠯᠵᠠᠢ᠃ ᠲᠡᠭᠦᠨ ᠤ ᠦᠬᠡᠷ ᠤᠨ ᠬᠠᠰᠢᠶᠠᠨ ᠳᠠᠬᠢ ᠦᠬᠡᠷ ᠤᠳ ᠨᠢ ᠨᠢᠭᠡ | ᠨᠢᠭᠡ ᠪᠠᠷ ᠢᠶᠠᠨ ᠲᠠᠷᠭᠤ ᠬᠦᠴᠦ ᠰᠠᠶᠢᠲᠠᠢ᠂ ᠲᠤᠭᠤᠯ ᠤᠳ ᠨᠢ ᠪᠡᠶ᠎ᠡ ᠤᠷᠳᠤ᠂ ᠬᠥᠯ ᠪᠦᠳᠦᠭᠦᠨ᠂ ᠨᠢᠷᠤᠭᠤ ᠥᠷᠭᠡᠨ᠂ | ᠳᠠᠰᠢᠶ᠎ᠠ ᠵᠤᠵᠠᠭᠠᠨ ᠪᠠᠶᠢᠵᠤ᠂ ᠡᠭᠦᠯᠳᠡᠷ ᠤᠨ ᠴᠢᠨᠠᠷ ᠴᠢᠨᠰᠠᠭ᠎ᠠ ᠨᠢ ᠵᠢᠯ ᠠᠴᠠ ᠵᠢᠯ ᠳᠡᠭᠡᠭᠰᠢᠯᠡᠵᠦ ᠪᠠᠶᠢᠨ᠎ᠠ᠃ 2022 | ᠣᠨ ᠤ 11 ᠰᠠᠷ᠎ᠠ ᠳᠤ᠂ ᠲᠡᠭᠦᠨ ᠤ ᠡᠭᠦᠰᠬᠡᠨ ᠪᠠᠶᠢᠭᠤᠯᠤᠭᠰᠠᠨ ᠶᠢᠨ ᠨᠢᠦ ᠲᠤᠰᠬᠠᠢ ᠬᠤᠷᠰᠢᠶ᠎ᠠ ᠨᠢ ᠲᠣᠰ | ᠬᠤᠰᠢᠭᠤᠨ ᠤ ᠴᠣᠷ ᠤᠨ ᠭᠠᠭᠴᠠ ᠲᠦᠩᠯᠢᠶᠣᠣ ᠬᠤᠲᠠ ᠶᠢᠨ ᠮᠢᠬᠠᠨ ᠤ ᠦᠬᠡᠷ ᠤᠨ ᠡᠭᠦᠯᠳᠡᠷ ᠪᠣᠶᠢᠵᠢᠭᠤᠯᠬᠤ | ᠭᠤᠣᠯ ᠲᠠᠯᠠᠪᠠᠶ ᠪᠣᠯᠪᠠ᠃ ᠬᠤᠩ ᠱᠠᠨ ᠤ ᠲᠠᠨᠢᠯᠴᠠᠭᠤᠯᠤᠭᠰᠠᠨ ᠢᠶᠠᠷ᠂ ᠲᠠᠷᠠᠭᠠᠴᠢ ᠶᠢᠨ ᠠᠯᠬᠤᠮ ᠳᠤ ᠬᠤᠷᠰᠢᠶ᠎ᠠ ᠠᠴᠠ | ᠭᠠᠳᠠᠭᠠᠳᠤ ᠶᠢᠨ ᠴᠡᠪᠡᠷ ᠤᠳᠤᠮᠲᠤ ᠰᠢᠮᠧᠨ᠋ᠳᠠᠷ ᠦᠬᠡᠷ ᠤᠨ ᠭᠦᠪᠦᠷᠡᠯ ᠢ ᠰᠢᠯᠵᠢᠭᠦᠯᠦᠨ ᠪᠣᠶᠢᠵᠢᠭᠤᠯᠬᠤ ᠠᠵᠢᠯ ᠢ | ᠬᠢᠬᠦ ᠪᠠᠷ ᠲᠥᠯᠥᠪᠯᠡᠵᠦ ᠪᠤᠢ᠃ ᠴᠡᠪᠡᠷ ᠤᠳᠤᠮ ᠤᠨ ᠰᠠᠶᠢᠨᠲᠠᠢ ᠲᠠᠯ᠎ᠠ ᠭᠡᠪᠡᠯ ᠥᠰᠦᠯᠲᠡ ᠨᠢ ᠲᠦᠷᠭᠡᠨ᠂ ᠮᠢᠬ᠎ᠠ ᠶᠢᠨ | ᠭᠠᠷᠤᠯᠲᠠ ᠶᠢᠨ ᠨᠣᠷᠮ᠎ᠠ ᠨᠢ ᠥᠨᠳᠥᠷ᠂ ᠠᠵᠤ ᠠᠬᠤᠢ ᠶᠢᠨ ᠦᠷ᠎ᠡ ᠠᠰᠢᠭ ᠨᠢ ᠰᠠᠶᠢᠨ ᠪᠠᠶᠢᠳᠠᠭ ᠭᠡᠨ᠎ᠡ᠃ | ᠴᠢᠨᠠᠷ ᠰᠠᠶᠢᠲᠠᠢ ᠡᠭᠦᠯᠳᠡᠷ ᠤᠨ ᠢᠷᠡᠯᠲᠡ ᠪᠣᠯ ᠮᠢᠬᠠᠨ ᠤ ᠦᠬᠡᠷ ᠲᠡᠵᠢᠭᠡᠨ ᠦᠷᠡᠵᠢᠭᠦᠯᠬᠦ ᠦᠢᠯᠡᠰ ᠤᠨ ᠲᠠᠰ | ᠳᠠᠪᠰᠢᠵᠤ ᠬᠥᠭᠵᠢᠬᠦ ᠶᠢᠨ ᠵᠠᠩᠭᠢᠯᠠᠭ᠎ᠠ ᠪᠣᠯᠣᠨ᠎ᠠ᠃ ᠥᠪᠥᠷ ᠮᠣᠩᠭᠤᠯ ᠤᠨ ᠫᠧᠩ ᠯᠠᠢ ᠲᠠᠷᠢᠶᠠᠯᠠᠩ ᠮᠠᠯ ᠠᠵᠤ | ᠠᠬᠤᠢ ᠶᠢᠨ ᠬᠢᠵᠠᠭᠠᠷᠲᠤ ᠺᠤᠮᠫᠠᠨᠢ ᠳᠤ᠂ ᠲᠠᠯᠠᠢ ᠭᠠᠲᠤᠯᠵᠤ ᠢᠷᠡᠭᠰᠡᠨ ᠶᠠᠫᠤᠨ ᠦᠬᠡᠷ ᠤᠳ ᠬᠥᠮᠥᠰ ᠤᠨ ᠠᠩᠬᠠᠷᠤᠯ | ᠲᠠᠲᠠᠨ᠎ᠠ᠃ ᠡᠨᠡ ᠵᠢᠯ ᠤᠨ 9 ᠰᠠᠷ᠎ᠠ ᠳᠤ᠂ ᠥᠪᠥᠷ ᠮᠣᠩᠭᠤᠯ ᠤᠨ ᠫᠧᠩ ᠯᠠᠢ ᠲᠠᠷᠢᠶᠠᠯᠠᠩ ᠮᠠᠯ ᠠᠵᠤ ᠠᠬᠤᠢ ᠶᠢᠨ | ᠬᠢᠵᠠᠭᠠᠷᠲᠤ ᠺᠤᠮᠫᠠᠨᠢ ᠠᠦ᠋ᠰᠲᠷᠠᠯᠢᠶ᠎ᠠ ᠠᠴᠠ 6 ᠡᠭᠦᠯᠳᠡᠷ ᠤᠨ ᠶᠠᠫᠤᠨ ᠦᠬᠡᠷ ᠣᠷᠣᠭᠤᠯᠵᠤ᠂ 10 ᠰᠠᠷ᠎ᠠ ᠳᠤ | ᠤᠯᠤᠰ ᠤᠨ ᠳᠣᠲᠣᠭᠠᠳᠤ ᠠᠴᠠ 110 ᠶᠠᠫᠤᠨ ᠦᠬᠡᠷ ᠬᠤᠳᠠᠯᠳᠤᠨ ᠠᠪᠴᠤ᠂ ᠺᠤᠮᠫᠠᠨᠢ ᠶᠢᠨ ᠬᠥᠭᠵᠢᠯᠲᠡ ᠳᠤ ᠰᠢᠨ᠎ᠡ | ᠰᠣᠷᠭᠤᠭ ᠬᠦᠴᠦᠨ ᠢ ᠣᠷᠣᠭᠤᠯᠤᠨ ᠠᠪᠴᠢᠷᠠᠭᠰᠠᠨ ᠪᠠᠶᠢᠯ᠎ᠠ᠃ ︽ᠡᠨᠡ ᠵᠢᠯ ᠣᠷᠣᠭᠤᠯᠤᠨ ᠠᠪᠴᠢᠷᠠᠭᠰᠠᠨ ᠶᠠᠫᠤᠨ | ᠦᠬᠡᠷ ᠳᠠᠷᠠᠭ᠎ᠠ ᠵᠢᠯ ᠬᠡᠭᠡᠯᠲᠦᠭᠦᠯᠬᠦ ᠨᠠᠰᠤᠨ ᠳᠤ ᠬᠦᠷᠴᠢᠬᠡᠨ᠎ᠡ᠂ ᠪᠢᠳᠡ ᠭᠤᠣᠯᠳᠠᠭᠤ ᠶᠠᠫᠤᠨ ᠦᠬᠡᠷ ᠤᠨ ᠭᠦᠪᠦᠷᠡᠯ ᠢ | ᠰᠢᠯᠵᠢᠭᠦᠯᠦᠨ ᠪᠣᠶᠢᠵᠢᠭᠤᠯᠵᠤ᠂ ᠲᠥᠷᠥᠭᠰᠡᠨ ᠥᠬᠢᠨ ᠲᠤᠭᠤᠯ ᠢᠶᠠᠷ ᠰᠦᠷᠦᠭ ᠢᠶᠠᠨ ᠥᠷᠭᠡᠳᠬᠡᠨ᠂ ᠡᠷ᠎ᠡ ᠲᠤᠭᠤᠯ ᠢ | ᠪᠣᠷᠳᠣᠬᠤ ᠳᠤ ᠬᠡᠷᠡᠭᠯᠡᠨ᠎ᠡ᠂ ᠪᠢᠳᠡ ᠭᠤᠷᠪᠠᠨ ᠵᠢᠯ ᠤᠨ ᠳᠣᠲᠣᠷ᠎ᠠ 1000 ᠶᠠᠫᠤᠨ ᠦᠬᠡᠷ ᠢ ᠪᠣᠶᠢᠵᠢᠭᠤᠯᠬᠤ ᠪᠠᠷ | ᠲᠥᠯᠥᠪᠯᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠫᠧᠩ ᠯᠠᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ | ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢᠦ ᠶᠠᠨ ᠯᠢ ᠬᠡᠯᠡᠨ᠎ᠡ᠃ | ᠥᠪᠥᠷ ᠮᠣᠩᠭᠤᠯ ᠤᠨ ᠫᠧᠩ ᠯᠠᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠨᠢ ᠮᠢᠬᠠᠨ ᠤ | ᠦᠬᠡᠷ ᠲᠡᠵᠢᠭᠡᠨ ᠦᠷᠡᠵᠢᠭᠦᠯᠬᠦ᠂ ᠦᠷᠡᠵᠢᠭᠦᠯᠦᠨ ᠪᠣᠶᠢᠵᠢᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ᠎ᠠ᠂ ᠣᠳᠣᠬᠠᠨ ᠳᠤ ᠮᠢᠬᠠᠨ ᠤ ᠦᠬᠡᠷ ᠤᠨ | ᠲᠤᠭ᠎ᠠ 2000 ᠭᠠᠷᠤᠢ ᠪᠤᠢ᠃ ᠲᠣᠰ ᠺᠤᠮᠫᠠᠨᠢ ᠨᠢ ᠬᠦᠷᠢᠶ᠎ᠡ ᠬᠤᠰᠢᠭᠤᠨ ᠤ ᠮᠢᠬᠠᠨ ᠤ ᠦᠬᠡᠷ ᠤᠨ ᠠᠵᠤ | ᠦᠢᠯᠡᠰ ᠤᠨ ᠳᠠᠪᠠᠭᠤᠯᠢᠭ ᠪᠠ ᠣᠯᠠᠨ ᠲᠦᠮᠡᠨ ᠤ ᠲᠡᠵᠢᠭᠡᠨ ᠦᠷᠡᠵᠢᠭᠦᠯᠬᠦ ᠰᠠᠭᠤᠷᠢ ᠲᠠᠢ ᠤᠶᠠᠯᠳᠤᠭᠤᠯᠵᠤ᠂ | ︽ᠺᠤᠮᠫᠠᠨᠢ + ᠲᠠᠷᠢᠶᠠᠴᠢᠨ ᠡᠷᠦᠭᠡ︾ ᠶᠢᠨ ᠠᠵᠤ ᠦᠢᠯᠡᠰᠵᠢᠭᠰᠡᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ | ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠠᠯᠬᠤᠮ ᠠᠯᠬᠤᠮ ᠢᠶᠠᠷ ᠬᠥᠭᠵᠢᠭᠦᠯᠦᠨ ᠪᠤᠵᠠᠭᠠᠶᠢᠷᠠᠭᠤᠯᠬᠤ ᠪᠠᠷ | ᠲᠥᠯᠥᠪᠯᠡᠵᠦ ᠪᠠᠶᠢᠨ᠎ᠠ᠃ ︽ᠬᠦᠷᠢᠶ᠎ᠡ ᠬᠤᠰᠢᠭᠤᠨ ᠤ ᠰᠠᠭᠤᠷᠢ ᠦᠨᠢᠶ᠎ᠡ ᠨᠡᠯᠢᠶᠡᠳ ᠣᠯᠠᠨ᠂ ᠪᠢᠳᠡ ᠰᠢᠮᠧᠨ᠋ᠳᠡᠷ | ᠦᠬᠡᠷ ᠢᠶᠠᠷ ᠣᠷᠣᠯᠠᠨ ᠬᠡᠭᠡᠯᠲᠦᠭᠦᠯᠬᠦ ᠡᠬᠡ ᠪᠡᠶ᠎ᠡ ᠪᠤᠯᠭᠠᠵᠤ᠂ ᠶᠠᠫᠤᠨ ᠦᠬᠡᠷ ᠤᠨ ᠭᠦᠪᠦᠷᠡᠯ ᠢ ᠰᠢᠯᠵᠢᠭᠦᠯᠦᠨ | ᠪᠣᠶᠢᠵᠢᠭᠤᠯᠬᠤ ᠪᠠᠷ ᠲᠥᠯᠥᠪᠯᠡᠵᠦ ᠪᠤᠢ᠂ ᠮᠡᠷᠭᠡᠵᠢᠯ ᠪᠣᠯᠪᠠᠰᠤᠷᠠᠭᠰᠠᠨ ᠤ ᠳᠠᠷᠠᠭ᠎ᠠ᠂ ᠣᠶᠢᠷ᠎ᠠ ᠬᠠᠪᠢ ᠶᠢᠨ ᠠᠷᠠᠳ | ᠲᠡᠵᠢᠭᠡᠬᠦ ᠰᠠᠨᠠᠭ᠎ᠠ ᠲᠠᠢ ᠶᠢ ᠨᠢ ᠲᠡᠵᠢᠭᠡᠯᠭᠡᠵᠦ᠂ ᠡᠰᠡᠬᠦᠯ᠎ᠡ ᠶᠠᠫᠤᠨ ᠦᠬᠡᠷ ᠤᠨ ᠭᠦᠪᠦᠷᠡᠯ ᠢ ᠰᠢᠯᠵᠢᠭᠦᠯᠦᠨ | ᠪᠣᠶᠢᠵᠢᠭᠤᠯᠵᠤ ᠠᠮᠵᠢᠯᠲᠠ ᠣᠯᠣᠭᠰᠠᠨ ᠦᠨᠢᠶ᠎ᠡ ᠪᠠᠨ ᠨᠠᠶᠢᠳᠠᠨ ᠲᠡᠵᠢᠭᠡᠯᠭᠡᠵᠦ᠂ ᠲᠤᠭᠤᠯᠯᠠᠭᠰᠠᠨ ᠤ ᠳᠠᠷᠠᠭ᠎ᠠ ᠺᠤᠮᠫᠠᠨᠢ | ᠠᠴᠠ ᠲᠤᠭᠤᠯ ᠢ ᠬᠤᠳᠠᠯᠳᠤᠨ ᠠᠪᠬᠤ ᠵᠠᠭᠪᠤᠷ ᠢ ᠬᠡᠷᠡᠭᠵᠢᠭᠦᠯᠦᠨ᠎ᠡ︾ ᠭᠡᠵᠦ ᠯᠢᠦ ᠶᠠᠨ ᠯᠢ ᠬᠡᠯᠡᠵᠦ ᠪᠠᠶᠢᠯ᠎ᠠ᠃ | ᠮᠠᠯ ᠠᠵᠤ ᠠᠬᠤᠢ ᠶᠢ ᠬᠥᠭᠵᠢᠭᠦᠯᠬᠦ ᠳᠤ ᠰᠠᠶᠢᠨ ᠡᠭᠦᠯᠳᠡᠷ ᠢ ᠤᠷᠢᠳ ᠢᠶᠠᠷ ᠬᠥᠭᠵᠢᠭᠦᠯᠦᠨ᠎ᠡ᠃ ᠣᠯᠠᠨ | ᠵᠢᠯ ᠤᠨ ᠲᠤᠷᠰᠢ᠂ ᠬᠦᠷᠢᠶ᠎ᠡ ᠬᠤᠰᠢᠭᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠳᠠᠭᠠᠭᠤᠯᠤᠭᠴᠢ ᠠᠵᠤ | ᠠᠬᠤᠶᠢᠯᠠᠯ ᠢ ᠳᠠᠶᠢᠴᠢᠯᠠᠬᠤ᠂ ᠬᠡᠪᠴᠢᠶ᠎ᠡ ᠶᠢ ᠥᠷᠭᠡᠳᠬᠡᠬᠦ᠂ ᠦᠢᠯᠡᠳᠪᠦᠷᠢᠯᠡᠯ ᠬᠠᠩᠭᠠᠯᠭ᠎ᠠ ᠪᠣᠷᠤᠯᠠᠭᠤᠯᠭ᠎ᠠ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠰᠡᠳᠬᠢᠴᠡ ᠶᠢ ᠪᠠᠷᠢᠮᠲᠠᠯᠠᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠯᠭᠡᠷᠡᠭᠦᠯᠦᠯᠲᠡ ᠶᠢ ᠲᠠᠰᠤᠷᠠᠯᠲᠠ ᠦᠭᠡᠢ ᠴᠢᠩᠭᠠᠳᠬᠠᠵᠤ᠂ ᠮᠢᠬᠠᠨ ᠤ | ᠦᠬᠡᠷ ᠤᠨ ᠠᠵᠤ ᠦᠢᠯᠡᠰ ᠤᠨ ᠪᠦᠬᠦᠯᠢ ᠴᠣᠭᠴᠠ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠂ ᠪᠦᠭᠦ | ᠬᠤᠰᠢᠭᠤᠨ ᠤ ᠮᠢᠬᠠᠨ ᠤ ᠦᠬᠡᠷ ᠤᠨ ᠠᠵᠤ ᠦᠢᠯᠡᠰ ᠤᠨ ᠥᠨᠳᠥᠷ ᠠᠰᠢᠭ ᠰᠢᠮ᠎ᠡ ᠲᠠᠢ᠂ ᠴᠢᠨᠠᠷ ᠰᠠᠶᠢᠲᠠᠢ᠂ ᠥᠨᠳᠥᠷ | ᠦᠷ᠎ᠡ ᠠᠰᠢᠭ ᠲᠠᠢ ᠬᠥᠭᠵᠢᠯᠲᠡ ᠶᠢ ᠠᠬᠢᠭᠤᠯᠵᠤ ᠪᠤᠢ᠃ ᠣᠳᠣᠬᠠᠨ ᠳᠤ᠂ ᠪᠦᠭᠦ ᠬᠤᠰᠢᠭᠤᠨ ᠤ ᠦᠬᠡᠷ 44 ᠲᠦᠮᠡ | ᠳᠤ ᠬᠦᠷᠴᠦ᠂ ᠬᠡᠭᠡᠯᠲᠦᠭᠦᠯᠭᠡ ᠶᠢᠨ ᠥᠷᠲᠡᠭᠡ 368 ᠲᠣᠬᠢᠷᠠᠭᠤᠯᠤᠨ᠂ ᠡᠭᠦᠯᠳᠡᠷ ᠰᠠᠶᠢᠵᠢᠷᠠᠭᠤᠯᠤᠭᠰᠠᠨ ᠡᠷᠦᠭᠡ ᠳᠤ | 25 ᠲᠦᠮᠡᠨ ᠢᠴᠡᠭᠡᠯ ᠦᠷ᠎ᠡ ᠶᠢ ᠦᠨ᠎ᠡ ᠲᠥᠯᠥᠪᠦᠷᠢ ᠦᠭᠡᠢ ᠪᠠᠷ ᠲᠦᠭᠡᠭᠡᠵᠦ᠂ 16.2 ᠲᠦᠮᠡᠨ ᠡᠬᠡ ᠮᠠᠯ ᠢ | ᠬᠡᠭᠡᠯᠲᠦᠭᠦᠯᠦᠨ᠂ ᠠᠳᠠᠯᠢ ᠬᠤᠭᠤᠴᠠᠭᠠᠨ ᠤ ᠬᠢ ᠠᠴᠠ 0.19 ᠲᠦᠮᠡ ᠨᠡᠮᠡᠭᠳᠡᠵᠦ᠂ ᠮᠢᠬᠠᠨ ᠤ ᠦᠬᠡᠷ ᠤᠨ ᠰᠠᠶᠢᠨ | ᠡᠭᠦᠯᠳᠡᠷ ᠤᠨ ᠪᠦᠷᠬᠦᠴᠡ ᠶᠢᠨ ᠨᠣᠷᠮ᠎ᠠ 98% ᠳᠤ ᠬᠦᠷᠴᠦ ᠪᠠᠶᠢᠨ᠎ᠠ᠃ |