ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠳᠠᠪᠰᠢᠯᠲᠤ ᠭᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ 20 ᠲᠠᠷᠢᠶᠠᠯᠠᠩ ᠮᠠᠯᠵᠢᠯ ᠤᠨ ᠲᠠᠯᠠᠪᠠᠶ ᠥᠪᠡᠷᠲᠡᠭᠡᠨ ᠵᠠᠰᠠᠬᠤ ᠣᠷᠣᠨ ᠤ ᠲᠠᠰ ᠤᠨ ᠦᠯᠢᠭᠡᠷ ᠵᠢᠱᠢᠶ᠎ᠡ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/11/23
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ 2023 ᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠪᠦᠬᠦ ᠠᠶᠢᠮᠠᠭ ᠤᠨ ᠡᠵᠡᠩᠨᠡᠯᠲᠡ ᠶᠢᠨ ᠭᠤᠣᠯ ᠴᠣᠭᠴᠠ ᠶᠢᠨ ᠦᠷᠭᠦᠯᠵᠢᠯᠡᠨ᠂ ᠡᠷᠡᠭᠦᠯ᠂ ᠴᠢᠨᠠᠷ ᠰᠠᠶᠢᠲᠠᠢ ᠬᠥᠭᠵᠢᠬᠦ ᠶᠢ ᠨᠡᠩ ᠰᠠᠶᠢᠨ ᠠᠬᠢᠭᠤᠯᠬᠤ ᠶᠢᠨ ᠲᠥᠯᠥᠭᠡ᠂ ︽2023 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠦᠯᠢᠭᠡᠷ ᠵᠢᠱᠢᠶ᠎ᠡ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠬᠤᠷᠰᠢᠶ᠎ᠠ ᠲᠠᠷᠬᠠᠭᠠᠭᠰᠠᠨ ﹇2023﹈ 453 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠯ᠎ᠡ ᠬᠤᠰᠢᠭᠤ ᠰᠢᠶᠠᠨ ᠬᠤᠲᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠡᠨᠡᠬᠦ ᠠᠵᠢᠯ ᠢ ᠥᠷᠨᠢᠭᠦᠯᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠰᠢᠯᠢᠳᠡᠭ ᠢ ᠨᠢ ᠰᠣᠩᠭᠤᠵᠤ ᠭᠤᠶᠤᠴᠢᠯᠠᠨ ᠮᠡᠳᠡᠭᠦᠯᠬᠦ᠂ ᠬᠢᠷᠢ ᠬᠡᠮ ᠢ ᠬᠢᠨᠠᠨ ᠲᠣᠭᠲᠠᠭᠠᠬᠤ᠂ ᠰᠤᠳᠤᠯᠭᠠᠨ ᠤ ᠬᠤᠷᠠᠯ ᠬᠢᠬᠦ᠂ ᠲᠢᠩᠬᠢᠮ ᠤᠨ ᠰᠦᠯᠵᠢᠶ᠎ᠡ ᠳᠤ ᠢᠯᠡ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠠᠮᠵᠢᠭᠤᠯᠤᠨ᠂ ᠬᠠᠮᠢᠶᠠᠷᠤᠯᠲᠠ ᠠᠵᠢᠯᠯᠠᠭᠠᠨ ᠨᠢ ᠵᠢᠷᠤᠮᠵᠢᠭᠰᠠᠨ᠂ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠣᠷᠣᠯᠭ᠎ᠠ ᠪᠠᠷ ᠨᠡᠯᠢᠶᠡᠳ ᠥᠨᠳᠥᠷ᠂ ᠲᠤᠬᠠᠢ ᠶᠢᠨ ᠭᠠᠵᠠᠷ ᠤᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠵᠤ ᠳᠡᠶᠢᠯᠬᠦ᠂ ᠳᠠᠶᠢᠴᠢᠯᠠᠬᠤ ᠬᠦᠴᠦᠨ ᠢᠶᠠᠷ ᠴᠢᠩᠭ᠎ᠠ ᠵᠡᠷᠭᠡ ᠲᠠᠯ᠎ᠠ ᠶᠢᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠭᠤᠣᠯᠳᠠᠯᠭ᠎ᠠ ᠲᠠᠢ ᠰᠣᠩᠭᠤᠵᠤ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠭᠤᠶᠤᠴᠢᠯᠠᠨ ᠮᠡᠳᠡᠭᠦᠯᠪᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠬᠢᠨᠠᠨ ᠲᠣᠭᠲᠠᠭᠠᠭᠰᠠᠨ ᠦᠷ᠎ᠡ ᠳ᠋ᠦᠩ ᠢ ᠪᠢᠴᠢᠭ ᠮᠠᠲ᠋ᠧᠷᠢᠶᠠᠯ ᠢᠶᠠᠷ ᠨᠡᠶᠢᠲᠡᠯᠡᠵᠦ᠂ ᠡᠭᠦᠨ ᠳᠤ ᠰᠢᠯᠤᠭᠤᠨ ᠬᠥᠬᠡ ᠬᠤᠰᠢᠭᠤᠨ ᠤ ᠳᠠᠪᠰᠢᠯᠲᠤ ᠭᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ 20 ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠦᠯᠢᠭᠡᠷ ᠵᠢᠱᠢᠶ᠎ᠡ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠪᠠᠷᠦᠨᠡᠯᠡᠭᠳᠡᠪᠡ᠃      ᠲᠠᠷᠠᠭᠠᠴᠢ ᠶᠢᠨ ᠠᠯᠬᠤᠮ ᠳᠤ᠂ ᠰᠢᠯᠢ ᠶᠢᠨ  ᠭᠤᠤᠯ ᠠᠶᠢᠮᠠᠭ ᠨᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠮᠠᠭᠠᠳᠯᠠᠨ ᠲᠣᠭᠲᠠᠭᠠᠬᠤ᠂ ᠦᠯᠢᠭᠡᠷ ᠵᠢᠱᠢᠶ᠎ᠡ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠦᠨᠡᠯᠡᠨ ᠲᠣᠭᠲᠠᠭᠠᠬᠤ ᠵᠡᠷᠭᠡ ᠪᠠᠶᠢᠩᠭᠤᠵᠢᠭᠤᠯᠤᠭᠰᠠᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠰᠢᠭᠤ ᠰᠢᠶᠠᠨ ᠢ ᠵᠢᠯᠣᠭᠤᠳᠤᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠺᠣᠳ᠋ ᠭᠤᠶᠤᠴᠢᠯᠠᠬᠤ ᠠᠵᠢᠯ ᠢ ᠴᠢᠩᠭᠠᠳᠬᠠᠵᠤ᠂ ᠺᠣᠳ᠋ ᠣᠯᠭᠤᠬᠤ ᠶᠢ ᠴᠢᠩᠭ᠎ᠠ ᠬᠢᠨᠠᠨ ᠬᠠᠷᠭᠤᠭᠤᠯᠵᠤ᠂ ︽ᠨᠢᠭᠡ ᠺᠣᠳ᠋  ᠢᠶᠠᠷ ᠨᠡᠪᠳᠡᠷᠡᠬᠦ︾ ᠺᠣᠳ᠋ ᠢ ᠪᠠᠭᠤᠯᠭᠠᠨ ᠠᠪᠴᠤ ᠬᠡᠷᠡᠭᠯᠡᠨ᠂ ᠨᠡᠷᠡᠰ ᠤᠨ ᠰᠢᠰᠲ᠋ᠧᠮ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠰᠢᠨᠡᠳᠬᠡᠨ᠎ᠡ᠃ ᠡᠵᠡᠩᠨᠡᠯᠲᠡ ᠶᠢᠨ ᠭᠤᠣᠯ ᠴᠣᠭᠴᠠ ᠶᠢᠨ ᠬᠠᠪᠰᠤᠷᠤᠨ ᠵᠢᠯᠣᠭᠤᠳᠤᠭᠴᠢ ᠶᠢ ᠤᠷᠢᠨ ᠲᠣᠮᠢᠯᠠᠬᠤ ᠪᠠ ᠬᠢᠨᠠᠨ ᠰᠢᠯᠭᠠᠬᠤ ᠠᠵᠢᠯ ᠢ ᠰᠠᠶᠢᠲᠤᠷ ᠠᠳᠬᠤᠨ᠎ᠠ᠃ ᠡᠯ᠎ᠡ ᠲᠥᠷᠥᠯ ᠤᠨ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠦᠷ᠎ᠡ ᠠᠰᠢᠭ ᠢ ᠨᠡᠮᠡᠭᠳᠡᠬᠦᠯᠬᠦ ᠪᠠᠷ ᠪᠤᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号