ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 11 | ᠰᠠᠷ᠎ᠠ ᠶᠢᠨ ᠡᠬᠢᠨ ᠪᠤᠯᠳᠠᠯ᠎ᠠ ᠪᠦᠭᠦ ᠣᠷᠣᠨ ᠤ ᠰᠢᠨ᠎ᠡ ᠪᠠᠷ ᠨᠡᠮᠡᠭᠳᠡᠭᠦᠯᠦᠭᠰᠡᠨ ᠲᠠᠷᠢᠶᠠᠯᠠᠩ ᠳᠤ ᠬᠡᠷᠡᠭᠯᠡᠬᠦ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠷᠢᠶᠠᠨ ᠭᠠᠵᠠᠷ ᠤᠨ ᠲᠠᠯᠠᠪᠠᠶ | 391.74 ᠲᠦᠮᠡᠨ ᠮᠦ ᠳᠤ ᠬᠦᠷᠴᠦ᠂ ᠡᠨᠡ ᠵᠢᠯ ᠤᠨ 333.76 ᠲᠦᠮᠡᠨ ᠮᠦ ᠶᠢᠨ ᠬᠠᠷᠠᠯᠲᠠᠲᠤ ᠡᠭᠦᠷᠭᠡ ᠪᠠᠨ | ᠨᠢᠭᠡᠨᠲᠡ ᠳᠠᠪᠠᠭᠤᠯᠤᠨ ᠪᠡᠶᠡᠯᠡᠭᠦᠯᠪᠡ᠃ | ᠡᠨᠡ ᠵᠢᠯ ᠠᠴᠠ ᠨᠠᠭᠠᠰᠢ ᠮᠠᠨ ᠤ ᠣᠷᠣᠨ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠬᠦ ᠪᠠ ᠲᠠᠷᠢᠶᠠᠯᠠᠩ ᠤᠨ ᠠᠷᠪᠢᠲᠠᠢ ᠤᠰᠤᠯᠠᠯᠲᠠ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ | ᠪᠣᠯᠭᠠᠨ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠤᠰᠤᠨ ᠤ | ᠦᠨ᠎ᠡ ᠬᠠᠩᠰᠢ ᠶᠢᠨ ᠪᠦᠷᠢᠯᠳᠦᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ᠂ | ᠤᠰᠤ ᠬᠡᠷᠡᠭᠯᠡᠬᠦ ᠬᠠᠮᠢᠶᠠᠷᠤᠯᠲᠠ᠂ ᠨᠠᠷᠢᠯᠢᠭ ᠣᠨᠣᠴᠠᠲᠠᠢ ᠪᠠᠷ ᠨᠥᠬᠦᠪᠦᠷᠢ ᠣᠯᠭᠤᠬᠤ ᠪᠠ ᠤᠰᠤ ᠠᠷᠪᠢᠯᠠᠬᠤ ᠶᠢ | ᠱᠠᠩᠨᠠᠬᠤ ᠵᠡᠷᠭᠡ ᠳᠥᠷᠪᠡᠨ ᠵᠦᠢᠯ ᠤᠨ ᠲᠣᠭᠲᠠᠴᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ | ᠬᠥᠭᠵᠢᠬᠦ ᠶᠢ ᠶᠡᠭᠡ ᠪᠠᠷ ᠠᠬᠢᠭᠤᠯᠵᠠᠢ᠃ ᠮᠠᠨ ᠤ ᠣᠷᠣᠨ 2016 ᠣᠨ ᠳᠤ ᠲᠠᠷᠢᠶᠠᠯᠠᠩ ᠳᠤ ᠬᠡᠷᠡᠭᠯᠡᠬᠦ ᠤᠰᠤᠨ ᠤ | ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ | ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠷᠢᠶᠠᠨ ᠭᠠᠵᠠᠷ ᠤᠨ ᠲᠠᠯᠠᠪᠠᠶ ᠨᠡᠶᠢᠲᠡ 4583.87 ᠲᠦᠮᠡᠨ ᠮᠦ ᠳᠤ | ᠬᠦᠷᠴᠦ᠂ ᠶᠡᠷᠦᠩᠬᠡᠢ ᠡᠭᠦᠷᠭᠡ ᠶᠢᠨ 96.57% ᠶᠢ ᠡᠵᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠮᠠᠨ ᠤ ᠣᠷᠣᠨ ᠨᠢᠭᠡᠨᠲᠡ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠤᠯᠤᠰ ᠤᠨ | ᠱᠠᠭᠠᠷᠳᠠᠯᠭ᠎ᠠ ᠠᠴᠠ 1 ᠵᠢᠯ ᠤᠷᠢᠳᠴᠢᠯᠠᠨ ᠪᠡᠶᠡᠯᠡᠭᠦᠯᠵᠦ᠂ ᠢᠷᠡᠬᠦ ᠵᠢᠯ ᠳᠤ ᠥᠭᠡᠷᠡᠴᠢᠯᠡᠯᠲᠡ ᠶᠢᠨ ᠪᠦᠭᠦ ᠡᠭᠦᠷᠭᠡ ᠶᠢ | ᠪᠦᠭᠦᠨ ᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠠᠵᠢᠯ ᠥᠷᠨᠢᠭᠦᠯᠵᠦ᠂ 2025 ᠣᠨ ᠳᠤ ᠣᠷᠬᠢᠭᠳᠠᠭᠰᠠᠨ ᠢ | ᠪᠠᠶᠢᠴᠠᠭᠠᠨ ᠳᠤᠲᠠᠭᠳᠠᠭᠰᠠᠨ ᠢ ᠨᠥᠬᠦᠪᠦᠷᠢᠯᠡᠵᠦ᠂ ᠪᠠᠬᠢᠵᠢᠭᠦᠯᠦᠨ ᠳᠡᠭᠡᠭᠰᠢᠯᠡᠭᠦᠯᠭᠦ ᠱᠠᠲᠤᠨ ᠳᠤ ᠣᠷᠣᠬᠤ ᠪᠣᠯᠣᠨ᠎ᠠ᠃ |