ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠭᠠᠵᠠᠷ ᠤᠨ ᠬᠢᠨ 2023 ᠣᠨ ᠤ 5 ᠳ᠋ᠤᠭᠠᠷ ᠰᠠᠷ᠎ᠠ ᠶᠢᠨ 23 ᠤ | ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤ ᠶᠢᠨ ᠣᠷᠣᠨ | ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠠᠶᠢᠭᠤᠯᠤᠯᠳᠠ ᠡᠵᠡᠩᠨᠡᠯᠳᠡ ᠶᠢᠨ | ᠵᠢᠯᠤᠭᠤᠳᠤᠮᠵᠢ︾ ︵︽ᠵᠢᠯᠤᠭᠤᠳᠤᠮᠵᠢ︾ ᠭᠡᠵᠤ ᠲᠦᠬᠦᠮᠴᠢᠯᠡᠶ᠎ᠡ︶ ᠶᠢ ᠲᠠᠷᠤᠮᠠᠯᠯᠠᠨ ᠲᠠᠷᠬᠠᠭᠠᠬᠰᠠᠨ ᠶᠤᠮ᠃ | ᠡᠳᠦᠭᠡ ᠲᠣᠰ ᠪᠢᠴᠢᠭ ᠮᠠᠲ᠋ᠧᠷᠢᠶᠠᠯ ᠤᠨ ᠵᠠᠷᠢᠮ ᠠᠭᠤᠯᠭ᠎ᠠ ᠶᠢ ᠲᠠᠶᠢᠯᠪᠤᠷᠢᠯᠠᠰᠤᠭᠠᠢ᠄ | ᠨᠢᠭᠡ᠂ ︽ᠵᠢᠯᠣᠭᠤᠳᠤᠮᠵᠢ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ | ᠤᠷᠴᠢᠮ ᠤᠨ ᠵᠢᠯ ᠠᠴᠠ ᠨᠠᠭᠠᠰᠢ ᠲᠥᠪ ᠠᠴᠠ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠠᠷᠤᠮᠠᠯᠯᠠᠨ | ᠲᠠᠷᠬᠠᠭᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠤᠨ ᠲᠤᠬᠠᠢ ᠪᠠᠶᠢᠷᠢᠯᠠᠭᠤᠯᠵᠤ᠂ | ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠢ ᠠᠪᠴᠠᠯᠳᠤᠭᠤᠯᠤᠭᠰᠠᠨ ᠭᠤᠷᠪᠠᠨ | ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ ᠲᠡᠭᠦᠯᠳᠡᠷᠵᠢᠭᠦᠯᠬᠦ ᠬᠡᠷᠡᠭᠲᠡᠢ ᠭᠡᠵᠦ | ᠱᠠᠭᠠᠷᠳᠠᠬᠰᠠᠨ ᠶᠤᠮ᠃ ᠠᠷᠠᠳ ᠤᠨ ᠶᠠᠪᠤᠳᠠᠯ ᠤᠨ ᠶᠠᠮᠤᠨ ᠵᠡᠷᠭᠡ 18 ᠶᠠᠮᠤᠨ ᠵᠦᠪᠯᠡᠯ ᠤᠨ ᠬᠢᠨ ᠴᠦ᠄ ︽2025 | ᠣᠨ ᠪᠣᠯᠬᠤ ᠳᠤ ᠬᠥᠳᠡᠭᠡ ᠲᠣᠰᠬᠤᠨ ᠳᠤ ᠰᠠᠭᠤᠷᠢᠯᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠵᠦ᠂ | ᠨᠢᠭᠲᠠ ᠠᠪᠴᠠᠯᠳᠤᠭᠰᠠᠨ᠂ ᠪᠦᠷᠢᠨ ᠲᠡᠭᠦᠯᠳᠡᠷ ᠴᠢᠳᠠᠮᠵᠢ ᠲᠠᠢ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠤᠷᠵᠢᠯ ᠢ | ᠰᠦᠯᠵᠢᠶ᠎ᠡ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠲᠡᠢ︾ ᠭᠡᠵᠤ ᠱᠠᠭᠠᠷᠳᠠᠯ᠎ᠠ᠃ 2022 ᠣᠨ ᠳᠤ | ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ | ᠳᠤ 2025 ᠣᠨ ᠪᠣᠯᠬᠤ ᠳᠤ ᠰᠤᠮᠤ ᠰᠢᠶᠠᠩ ᠪᠠᠯᠭᠠᠰᠤ ᠨᠢᠬᠡ ᠪᠦᠷᠢ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠤ ᠨᠠᠰᠤᠲᠠᠨ ᠢ ᠠᠰᠠᠷᠠᠬᠤ ᠬᠦᠷᠢᠶᠡᠯᠡᠩ᠂ ᠬᠥᠳᠡᠭᠡ ᠲᠣᠰᠬᠤᠨ ᠤ | ᠵᠢᠷᠭᠠᠯᠳᠤ ᠬᠦᠷᠢᠶᠡᠯᠡᠩ ᠵᠡᠷᠭᠡ ᠲᠦᠬᠦᠬᠡᠷᠤᠮᠵᠢ ᠳᠤ ᠲᠦᠰᠢᠭᠯᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠪ ᠪᠠᠶᠢᠭᠤᠯᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠵᠠᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ | ᠣᠷᠣᠨ ᠤ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠵᠢᠯ ᠤᠨ ᠳᠣᠲᠣᠷ᠎ᠠ ᠰᠤᠮᠤ ᠰᠢᠶᠠᠩ ᠪᠠᠯᠭᠠᠰᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 350᠂ ᠭᠠᠴᠠᠭ᠎ᠠ ᠲᠣᠰᠬᠤᠨ ᠤ ᠲᠠᠰ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠬᠥᠳᠡᠭᠡ | ᠲᠣᠰᠬᠤᠨ ᠤ ᠬᠠᠷᠢᠯᠴᠠᠨ ᠬᠠᠪᠰᠤᠷᠤᠯᠴᠠᠬᠤ 200 ᠨᠠᠰᠤᠵᠢᠯ ᠤᠨ ᠠᠰᠠᠷᠠᠮᠵᠢ ᠶᠢᠨ ᠵᠢᠷᠭᠠᠯᠳᠤ ᠬᠦᠷᠢᠶᠡᠯᠡᠩ ᠤᠨ | ᠦᠢᠯᠡᠴᠢᠯᠡᠭᠡᠨ ᠤ ᠴᠢᠳᠠᠪᠬᠢ ᠶᠢ ᠦᠷᠬᠡᠳᠬᠡᠨ ᠲᠡᠭᠡᠭᠰᠢᠯᠡᠬᠦᠯᠤᠨ᠎ᠡ ᠭᠡᠵᠤ ᠲᠤᠷᠠᠳᠪᠠ᠃ ︽ᠵᠢᠯᠤᠭᠤᠳᠤᠮᠵᠢ︾ | ᠲᠤᠬᠳᠠᠭᠠᠬᠰᠠᠨ ᠨᠢ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠬᠡᠨ | ᠬᠥᠭᠵᠢᠭᠦᠯᠬᠦ ᠲᠤᠬᠠᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠬᠡᠷᠡᠭᠴᠡᠭᠡ ᠮᠥᠨ᠃ ︽ᠵᠢᠯᠤᠭᠤᠳᠤᠮᠵᠢ︾ | ᠶᠢ ᠨᠡᠶᠢᠲᠡᠯᠡᠭᠰᠡᠨ ᠨᠢ ᠰᠤᠮᠤ ᠰᠢᠶᠠᠩ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠠᠶᠢᠭᠤᠯᠤᠯᠲᠠ ᠡᠵᠡᠩᠨᠡᠯᠲᠡ ᠶᠢᠨ ᠡᠭᠦᠷᠭᠡ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ | ᠪᠡᠶᠡᠯᠡᠭᠦᠯᠬᠦ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠤᠮᠵᠢ ᠬᠠᠩᠭᠠᠭᠰᠠᠨ ᠶᠤᠮ᠃ | ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ | 1᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ | ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠨᠠᠮ ᠤᠨ ᠲᠥᠪ ᠬᠤᠷᠢᠶ᠎ᠠ | ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵2021 ᠣᠨ ᠤ ᠳᠤᠮᠳᠠᠳᠤ ᠤᠯᠤᠰ ᠤᠨ ᠡᠪ ᠬᠠᠮᠲᠤ | ᠨᠠᠮ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶ | 2. ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ | ᠠᠬᠢᠭᠤᠯᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵2023 ᠣᠨ ᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ︶ | 3. ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠬᠢ ᠪᠦᠬᠦ | ᠤᠯᠤᠰ ᠤᠨ ᠨᠠᠰᠤᠵᠢᠯ ᠤᠨ ᠦᠢᠯᠡᠰ ᠤᠨ ᠬᠦᠭᠵᠢᠬᠦᠯᠤᠯᠳᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠰᠢᠰᠲ᠋ᠧᠮ ᠤᠨ ᠲᠥᠯᠦᠪᠵᠢᠭᠦᠯᠭᠡ︾ ︵ᠲᠦᠷᠦ ᠲᠠᠷᠬᠠᠭᠠᠭᠰᠠᠨ ﹇2021﹈ 35 ᠳ᠋ᠤᠭᠠᠷ ᠲᠣᠭᠠᠲᠤ︶ | 4. ᠠᠷᠠᠳ ᠤᠨ ᠶᠠᠪᠤᠳᠠᠯ ᠤᠨ ᠶᠠᠮᠤᠨ ᠵᠡᠷᠭᠡ ᠣᠯᠠᠨ ᠶᠠᠮᠤᠨ ᠵᠦᠪᠯᠡᠯ ᠤᠨ ︽ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠦᠷᠭᠡᠨ ᠬᠥᠭᠵᠢᠭᠦᠯᠬᠦ ᠲᠤᠬᠠᠢ ᠵᠢᠯᠤᠭᠤᠳᠬᠤ ᠰᠠᠨᠠᠯ︾ | ︵ᠬᠢᠨᠠᠭᠤᠯᠬᠤ ᠨᠣᠣᠷᠠᠭ︶ | ᠭᠤᠷᠪᠠ᠂ ᠭᠤᠣᠯ ᠠᠭᠤᠯᠭ᠎ᠠ | ︽ᠵᠢᠯᠣᠭᠤᠳᠤᠯᠭ᠎ᠠ︾ ᠨᠢ ᠳᠦᠷᠪᠡᠨ ᠬᠡᠰᠡᠭ 28 ᠵᠤᠷᠪᠤᠰ ᠢᠶᠠᠷ ᠪᠦᠷᠢᠯᠳᠤᠪᠡ᠃ | ᠨᠢᠭᠡᠳᠦᠭᠡᠷ ᠬᠡᠰᠡᠭ᠄ ᠴᠢᠳᠠᠮᠵᠢ ᠶᠢᠨ ᠪᠠᠶᠢᠷᠢ ᠲᠣᠭᠲᠠᠭᠠᠯᠲᠠ᠂ 9 ᠵᠤᠷᠪᠤᠰ ᠲᠠᠢ᠃ ᠭᠤᠣᠯᠳᠠᠭᠤ ᠰᠤᠮᠤ | ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ | ᠲᠣᠮᠢᠶᠠᠯᠠᠯ᠂ ᠴᠢᠳᠠᠮᠵᠢ᠂ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ᠂ ᠦᠢᠯᠡᠴᠢᠯᠡᠭᠡᠨ ᠤ ᠠᠭᠤᠯᠭ᠎ᠠ᠂ | ᠨᠡᠷᠡᠶᠢᠳᠬᠦ ᠪᠠᠷᠢᠮᠵᠢᠶ᠎ᠠ ᠵᠡᠷᠭᠡ ᠲᠠᠯ᠎ᠠ ᠶᠢ ᠵᠢᠷᠤᠮᠵᠢᠭᠤᠯᠪᠠ᠃ | ᠬᠤᠶᠠᠳᠤᠭᠠᠷ ᠬᠡᠰᠡᠭ᠄ ᠭᠠᠵᠠᠷ ᠰᠣᠩᠭᠤᠨ ᠪᠦᠲᠦᠭᠡᠨ ᠪᠠᠶᠢᠭᠤᠯᠬᠤ᠂ 6 ᠵᠤᠷᠪᠤᠰ ᠲᠠᠢ᠃ ᠭᠤᠣᠯᠳᠠᠭᠤ | ᠰᠤᠮᠤ ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠤᠨ ᠭᠠᠵᠠᠷ ᠰᠣᠩᠭᠤᠬᠤ | ᠪᠠᠶᠢᠷᠢᠰᠢᠭᠤᠯᠤᠯ᠂ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ᠂ ᠪᠦᠲᠦᠭᠡᠨ ᠪᠠᠶᠢᠭᠤᠯᠬᠤ ᠪᠠᠷᠢᠮᠵᠢᠶ᠎ᠠ ︵ᠭᠠᠯ ᠤᠨ | ᠠᠶᠤᠯ ᠢ ᠰᠡᠷᠬᠡᠶᠢᠯᠡᠬᠦ ᠱᠠᠭᠠᠷᠳᠠᠯᠭ᠎ᠠ᠂ ᠲᠦᠷᠭᠡᠨ ᠠᠪᠤᠷᠠᠯᠳᠠ ᠶᠢᠨ ᠵᠠᠮ ᠤᠨ ᠱᠠᠭᠠᠷᠳᠠᠯᠭ᠎ᠠ᠂ ᠬᠦᠳᠤᠴᠢ ᠲᠡᠮᠳᠡᠭ︶᠂ | ᠨᠠᠰᠤᠵᠢᠯᠳᠠ ᠳᠤ ᠲᠣᠬᠢᠷᠠᠬᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠢᠷᠤᠮᠵᠢᠭᠤᠯᠪᠠ᠃ | ᠭᠤᠷᠪᠠᠳᠤᠭᠠᠷ ᠬᠡᠰᠡᠭ᠄ ᠲᠦᠬᠦᠬᠡᠷᠤᠮᠵᠢ ᠶᠢᠨ ᠲᠣᠬᠢᠷᠠᠭᠤᠯᠤᠯᠲᠠ᠂ 4 ᠵᠤᠷᠪᠤᠰ ᠪᠤᠢ᠃ ᠭᠤᠣᠯᠳᠠᠭᠤ ᠰᠤᠮᠤ | ᠰᠢᠶᠠᠩ ᠪᠠᠯᠭᠠᠰᠤ ᠶᠢᠨ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠰᠠᠭᠤᠷᠢ | ᠲᠦᠬᠦᠬᠡᠷᠤᠮᠵᠢ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ᠂ ᠰᠤᠪᠢᠯᠠᠯᠲᠠ ᠶᠢᠨ ᠣᠷᠣ ᠶᠢᠨ ᠲᠤᠭ᠎ᠠ᠂ ᠰᠠᠭᠤᠵᠤ | ᠰᠤᠪᠢᠯᠠᠬᠤ ᠬᠦᠮᠦᠰ ᠤᠨ ᠭᠡᠷ ᠪᠠᠶᠢᠰᠢᠩ ᠤᠨ ᠲᠣᠬᠢᠷᠠᠭᠤᠯᠤᠯᠲᠠ᠂ ᠭᠠᠯ ᠤᠨ ᠠᠶᠤᠯ ᠢ ᠰᠡᠷᠬᠡᠶᠢᠯᠡᠬᠦ ᠱᠠᠭᠠᠷᠳᠠᠯᠭ᠎ᠠ ᠶᠢ | ᠵᠢᠷᠤᠮᠵᠢᠭᠤᠯᠪᠠ᠃ | ᠳᠥᠷᠪᠡᠳᠦᠭᠡᠷ ᠬᠡᠰᠡᠭ᠄ ᠡᠵᠡᠩᠨᠡᠯᠲᠡ ᠬᠠᠮᠢᠶᠠᠷᠤᠯᠲᠠ᠂ 9 ᠵᠤᠷᠪᠤᠰ ᠲᠠᠢ᠃ ᠭᠤᠣᠯᠳᠠᠭᠤ ᠰᠤᠮᠤ ᠰᠢᠶᠠᠩ | ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠡᠵᠡᠩᠨᠡᠯᠲᠡ ᠶᠢᠨ | ᠵᠠᠭᠪᠤᠷ᠂ ᠳᠦᠷᠢᠮ ᠤᠨ ᠪᠠᠶᠢᠭᠤᠯᠤᠯᠲᠠ ᠶᠢᠨ ᠪᠠᠷᠢᠮᠵᠢᠶ᠎ᠠ᠂ ᠠᠵᠢᠯᠲᠠᠨ ᠤ ᠲᠣᠬᠢᠷᠠᠭᠤᠯᠤᠯᠲᠠ ᠶᠢᠨ ᠪᠠᠷᠢᠮᠵᠢᠶ᠎ᠠ᠂ | ᠦᠨᠡᠯᠡᠬᠦ ᠱᠠᠭᠠᠷᠳᠠᠯᠭ᠎ᠠ ᠶᠢ ᠵᠢᠷᠤᠮᠵᠢᠭᠤᠯᠪᠠ᠃ | |