︽ᠲᠥᠮᠥᠰᠥᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2023﹈ 55 ᠳ᠋ᠤᠭᠠᠷ ᠲᠣᠭᠠᠲᠤ︶᠂ ︽ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 35 ᠳ᠋ᠤᠭᠠᠷ | ᠲᠣᠭᠠᠲᠤ︶ ᠪᠠ ︽ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠡᠳ᠋ ᠤᠨ ᠵᠠᠰᠠᠭ ᠤᠨ | ᠲᠢᠩᠬᠢᠮ ᠤᠨ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠢᠮᠠᠯ ᠲᠠᠷᠬᠠᠭᠠᠭᠰᠠᠨ ﹇2021﹈ 154 | ᠳ᠋ᠤᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠶᠢᠮᠠᠭ ᠬᠤᠲᠠ ᠶᠢᠨ | ᠲᠠᠷᠢᠶᠠᠯᠠᠩ ᠮᠠᠯ ᠠᠵᠤ ᠠᠬᠤᠢ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠮᠲᠤᠷᠠᠨ ᠬᠢᠨᠠᠨ ᠬᠠᠷᠭᠤᠭᠤᠯᠬᠤ ᠶᠢᠨ | ᠬᠠᠮᠲᠤ ᠭᠤᠶᠤᠴᠢᠯᠠᠨ ᠮᠡᠳᠡᠭᠦᠯᠬᠦ ᠪᠠᠷ ᠳᠡᠮᠵᠢᠨ᠂ ᠡᠳᠦᠭᠡ ᠬᠥᠬᠡᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ | ᠬᠤᠲᠠ ᠶᠢᠨ 2023 ᠣᠨ ᠤ ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠦᠷᠢ ᠶᠢᠨ ᠭᠤᠶᠤᠴᠢᠯᠠᠯ ᠤᠨ | ᠪᠠᠶᠢᠳᠠᠯ ᠢ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 15 ᠡᠳᠦᠷ ᠪᠣᠯᠣᠨ᠎ᠠ᠂ ᠬᠡᠷᠪᠡ | ᠣᠨᠳᠣᠣ ᠰᠠᠨᠠᠯ ᠲᠠᠢ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠳᠤ ᠬᠠᠷᠢᠭᠤ ᠲᠤᠰᠬᠠᠵᠤ ᠪᠣᠯᠣᠨ᠎ᠠ᠃ | ᠬᠠᠷᠢᠯᠴᠠᠬᠤ ᠤᠲᠠᠰᠤ᠄ 0471-6622740 | | ᠳᠠᠭᠠᠯᠳᠤᠭᠤᠯᠤᠯ᠄ 2023 ᠣᠨ ᠤ ᠲᠥᠮᠥᠰᠥ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠦᠷᠢ ᠪᠡᠯᠡ | ᠮᠥᠩᠭᠦ ᠶᠢᠨ ᠭᠤᠶᠤᠴᠢᠯᠠᠯ ᠤᠨ ᠬᠦᠰᠦᠨᠦᠭᠲᠦ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 11 ᠰᠠᠷ᠎ᠠ ᠶᠢᠨ 28 ᠤ ᠡᠳᠦᠷ |