ᠤᠳᠤᠷᠢᠳᠬᠤ ᠺᠠᠳ᠋ᠷᠴᠤᠳ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ | ᠤᠬᠠᠭᠠᠨᠴᠢ ᠪᠠᠷ ᠠᠷᠠᠳᠴᠢᠯᠠᠯ ᠲᠠᠢ ᠬᠠᠤᠯᠢ ᠶᠣᠰᠣᠭᠠᠷ ᠲᠣᠭᠲᠠᠭᠠᠨ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ | ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 28 ᠤ ᠡᠳᠦᠷ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠪᠡ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ | ᠭᠠᠵᠠᠷ ᠤᠨ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠯᠢ ᠵᠢᠢ ᠯᠢᠨ ᠨᠥᠬᠦᠷ ᠲᠤᠰᠬᠠᠢ | ᠰᠡᠳᠦᠪ ᠢᠶᠠᠷ ᠬᠢᠴᠢᠶᠡᠯ ᠣᠷᠣᠵᠤ᠂ ᠲᠢᠩᠬᠢᠮ ᠤᠨ ᠰᠢᠰᠲ᠋ᠧᠮ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ | ᠰᠤᠷᠤᠯᠴᠠᠯᠭ᠎ᠠ ᠳᠤ ᠣᠷᠣᠯᠴᠠᠵᠠᠢ᠃ | ᠳᠡᠳ᠋ ᠭᠠᠵᠠᠷ ᠤᠨ ᠳᠠᠷᠤᠭ᠎ᠠ ᠯᠢ ᠵᠢᠢ ᠯᠢᠨ ᠣᠯᠠᠨ ᠨᠡᠶᠢᠲᠡ ᠶᠢᠨ ᠣᠷᠤᠯᠴᠠᠯᠭ᠎ᠠ᠂ ᠲᠤᠰᠬᠠᠢ ᠮᠡᠷᠭᠡᠵᠢᠯᠲᠡᠨ ᠤ | ᠨᠤᠲᠠᠯᠠᠯᠲᠠ᠂ ᠠᠶᠤᠯ ᠲᠦᠭᠰᠢᠭᠦᠷᠢ ᠶᠢᠨ ᠦᠨᠡᠯᠡᠯᠲᠡ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ | ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ᠂ ᠬᠠᠮᠲᠤ ᠶᠢᠨ ᠶᠠᠷᠢᠯᠴᠠᠭ᠎ᠠ ᠵᠡᠷᠭᠡ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠤᠨ ᠭᠤᠣᠯ ᠠᠭᠤᠯᠭ᠎ᠠ ᠳᠤ ᠨᠠᠷᠢᠨ ᠲᠠᠶᠢᠯᠤᠮᠵᠢ ᠬᠢᠵᠦ᠂ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠠᠬᠢ ᠪᠠᠶᠢᠩᠭᠤ | ᠲᠣᠬᠢᠶᠠᠯᠳᠤᠬᠤ ᠠᠰᠠᠭᠤᠳᠠᠯ ᠳᠤ ᠨᠢᠭᠡᠳ ᠨᠢᠭᠡ ᠪᠠᠷ ᠲᠠᠶᠢᠯᠤᠮᠵᠢ ᠬᠢᠪᠡ ᠃ ᠡᠭᠦᠨ ᠤ ᠵᠡᠷᠭᠡᠴᠡᠭᠡᠪᠡᠷ ᠂ ᠡᠮᠬᠢ | ᠵᠢᠷᠤᠮ ᠤᠨ ᠲᠥᠪ ᠭᠤᠣᠯᠴᠢ ᠪᠠᠶᠢᠬᠤ ᠪᠣᠯ ᠬᠠᠤᠯᠢ ᠴᠠᠭᠠᠵᠠ ᠶᠢᠨ ᠲᠥᠪ ᠭᠤᠣᠯᠴᠢ ᠪᠠᠶᠢᠬᠤ ᠶᠢᠨ ᠴᠢᠬᠤᠯᠠ | ᠠᠭᠤᠯᠭ᠎ᠠ ᠮᠥᠨ ᠂ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠤ ᠡᠩ | ᠲᠡᠷᠢᠭᠦᠨ ᠳᠤ ᠡᠮᠬᠢ ᠵᠢᠷᠤᠮ ᠤᠨ ᠲᠠᠯ᠎ᠠ ᠠᠴᠠ ᠬᠢᠵᠠᠭᠠᠷᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | | | | | | ᠲᠣᠰ ᠤᠳᠠᠭ᠎ᠠ᠂ ᠲᠢᠩᠬᠢᠮ ᠤᠨ ᠰᠢᠰᠲ᠋ᠧᠮ ᠤᠨ ᠤᠳᠤᠷᠢᠳᠬᠤ ᠺᠠᠳ᠋ᠷᠴᠤᠳ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠬᠠᠤᠯᠢ ᠶᠣᠰᠣᠭᠠᠷ ᠭᠦᠢᠴᠡᠳᠬᠡᠬᠦ ᠲᠣᠭᠲᠠᠭᠠᠯ ᠵᠢᠴᠢ | ᠱᠠᠭᠠᠷᠳᠠᠯᠭ᠎ᠠ ᠶᠢ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠲᠠᠷᠠᠭᠠᠴᠢ ᠶᠢᠨ ᠠᠯᠬᠤᠮ ᠳᠤ ᠮᠠᠨ ᠤ | ᠲᠢᠩᠬᠢᠮ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠶᠯᠡ ᠠᠵᠢᠯᠯᠠᠭ᠎ᠠ ᠶᠢ | ᠵᠢᠷᠤᠮᠵᠢᠭᠤᠯᠬᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠨᠥᠬᠦᠴᠡᠯ ᠢ ᠪᠣᠶ ᠪᠣᠯᠭᠠᠬᠤ ᠳᠤ ᠮᠠᠰᠢ ᠰᠠᠶᠢᠨ | ᠰᠠᠭᠤᠷᠢ ᠶᠢ ᠲᠠᠯᠪᠢᠭᠰᠠᠨ ᠪᠠᠶᠢᠨ᠎ᠠ᠃ | | | |