ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯ ᠤᠨ ᠨᠡᠶᠢᠲᠡᠯᠢᠭ ᠴᠢᠨᠠᠷᠲᠠᠢ ᠬᠠᠭᠤᠷᠠᠢ ᠭᠠᠵᠠᠷ ᠤᠨ ᠬᠡᠪ ᠵᠠᠭᠪᠤᠷ ⑧ ︱ ᠬᠠᠷᠠᠴᠢᠨ ᠬᠤᠰᠢᠭᠤᠨ ᠤ ᠬᠠᠭᠤᠷᠠᠢ ᠭᠠᠵᠠᠷ ᠤᠨ ᠡᠷᠳᠡᠨᠢ ᠰᠢᠰᠢ ᠶᠢ ᠨᠢᠭᠲᠠ ᠲᠠᠷᠢᠬᠤ ︽ᠪᠦᠷᠢᠨ ᠪᠦᠷᠬᠦᠪᠴᠢᠳᠤ ᠭᠠᠩ ᠢ ᠡᠰᠡᠷᠭᠦᠴᠡᠵᠦ ᠴᠢᠬᠢ ᠶᠢ ᠬᠠᠮᠠᠭᠠᠯᠠᠬᠤ︾ ᠵᠠᠭᠪᠤᠷ
ᠨᠡᠶᠢᠲᠡᠯᠡᠭᠰᠡᠨ ᠴᠠᠭ᠄
2023/11/3
      ᠬᠠᠷᠠᠴᠢᠨ ᠬᠤᠰᠢᠭᠤ ᠪᠣᠯ ᠮᠠᠨ ᠤ ᠤᠯᠤᠰ ᠤᠨ ᠤᠮᠠᠷᠠᠲᠤ ᠶᠢᠨ ᠡᠷᠳᠡᠨᠢ ᠰᠢᠰᠢ ᠳᠠᠷᠢᠬᠤ ᠰᠢᠵᠢᠷ ᠠᠯᠲᠠᠨ ᠪᠦᠰᠡ ᠳᠤ ᠪᠠᠶᠢᠷᠢᠯᠠᠵᠤ᠂ ᠡᠷᠳᠡᠨᠢ ᠰᠢᠰᠢ ᠳᠠᠷᠢᠬᠤ ᠲᠠᠯᠠᠪᠠᠶ ᠨᠢ 55 ᠲᠦᠮᠡᠨ ᠮᠦ᠂ ᠬᠠᠭᠤᠷᠠᠢ ᠭᠠᠵᠠᠷ ᠤᠨ ᠡᠷᠳᠡᠨᠢ ᠰᠢᠰᠢ ᠳᠠᠷᠢᠬᠤ ᠲᠠᠯᠠᠪᠠᠶ ᠨᠢ 30 ᠲᠦᠮᠡᠨ ᠮᠦ ᠪᠠᠶᠢᠵᠤ᠂ ᠤᠰᠤ ᠪᠠ ᠬᠠᠭᠤᠷᠠᠢ ᠭᠠᠵᠠᠷ ᠤᠨ ᠡᠷᠳᠡᠨᠢ ᠰᠢᠰᠢ ᠳᠠᠷᠢᠬᠤ ᠨᠡᠶᠢᠲᠡᠯᠢᠭ ᠭᠠᠵᠠᠷ ᠣᠷᠣᠨ ᠪᠣᠯᠣᠨ᠎ᠠ᠂ ᠬᠠᠬᠢᠷ ᠬᠦᠢᠲᠡᠨ᠂ ᠭᠠᠩ ᠬᠠᠭᠤᠷᠠᠢ ᠪᠣᠯ ᠡᠷᠳᠡᠨᠢ ᠰᠢᠰᠢ ᠶᠢᠨ ᠦᠢᠯᠡᠳᠪᠦᠷᠢᠯᠡᠯ ᠤᠨ ᠭᠤᠣᠯ ᠬᠢᠵᠠᠭᠠᠷᠯᠠᠯ ᠪᠣᠯᠣᠨ᠎ᠠ᠃ ᠬᠠᠷᠠᠴᠢᠨ ᠬᠤᠰᠢᠭᠤᠨ ᠤ ᠬᠢᠨ ᠭᠠᠩ ᠬᠠᠭᠰᠠᠷᠠᠭᠠᠨ ᠲᠠᠢ ᠲᠡᠮᠡᠴᠡᠵᠦ ᠴᠢᠬᠢ ᠮᠣᠳᠣ ᠶᠢ ᠬᠠᠮᠠᠭᠠᠯᠠᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠢ 18 ᠲᠦᠮᠡᠨ ᠮᠦ  ᠶᠢᠨ ᠬᠡᠪᠴᠢᠶᠡᠨ ᠳᠤ ᠣᠷᠣᠭᠤᠯᠤᠨ ᠠᠪᠴᠢᠷᠠᠵᠤ᠂ ᠠᠮᠤ ᠪᠤᠳᠠᠭᠠᠨ ᠤ ᠤᠨᠠᠯᠲᠠ ᠶᠢ 1 ᠳ᠋ᠦᠩᠰᠢᠭᠤᠷ ᠵᠢᠩ ᠨᠡᠮᠡᠭᠳᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠤ ᠡᠩᠨᠡᠭᠡᠨ ᠳᠤ ᠣᠷᠣᠭᠰᠠᠨ ᠪᠠᠶᠢᠨ᠎ᠠ᠃
图片1.png
      ᠭᠤᠣᠯ ᠠᠷᠭ᠎ᠠ ᠪᠠᠷᠢᠯ ᠄ ᠨᠢᠭᠡ ᠳᠤ ᠤᠬᠠᠭᠤᠯᠤᠨ ᠵᠢᠯᠤᠭᠤᠳᠴᠤ ᠂ ᠭᠤᠣᠯᠳᠠᠯᠭ᠎ᠠ ᠲᠠᠢ ᠪᠠᠷ ᠰᠢᠪᠲᠤᠯᠤᠯᠲᠠ  ᠬᠢᠪᠡ᠃ ᠨᠠᠷᠢᠨ ᠪᠠᠯᠭᠠᠰᠤ ᠪᠣᠯ ᠬᠠᠷᠠᠴᠢᠨ ᠬᠤᠰᠢᠭᠤᠨ ᠤ ᠡᠷᠳᠡᠨᠢ ᠰᠢᠰᠢ ᠳᠠᠷᠢᠬᠤ ᠲᠣᠮᠣ ᠪᠠᠯᠭᠠᠰᠤ ᠪᠠᠶᠢᠵᠤ᠂ ᠮᠡᠷᠭᠡᠵᠢᠯ ᠢ ᠳᠡᠯᠭᠡᠷᠡᠭᠦᠯᠬᠦ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤᠮᠳᠠ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠦ ᠂ ᠡᠷᠳᠡᠨᠢ ᠰᠢᠰᠢ ᠦᠢᠯᠡᠳᠪᠦᠷᠢᠯᠡᠬᠦ ᠲᠣᠮᠣ ᠡᠷᠦᠬᠡ 19 ᠪᠣᠯᠵᠤ᠂ ᠲᠣᠮᠣ ᠡᠷᠦᠬᠡ ᠶᠢᠨ ᠡᠷᠳᠡᠨᠢ ᠰᠢᠰᠢ ᠳᠠᠷᠢᠬᠤ ᠲᠠᠯᠠᠪᠠᠶ 1 ᠲᠦᠮᠡᠨ ᠮᠦ ᠳᠤ ᠬᠦᠷᠴᠡᠢ᠃ ᠥᠷᠭᠡᠨ ᠢᠶᠠᠷ ᠤᠬᠠᠭᠤᠯᠵᠤ᠂ ᠲᠣᠮᠣ ᠡᠷᠦᠬᠡ ᠪᠠᠷ ᠳᠠᠶᠢᠴᠢᠯᠠᠭᠤᠯᠬᠤ ᠪᠠᠷ ᠳᠡᠮᠵᠢᠨ᠂ ᠮᠡᠷᠭᠡᠵᠢᠯ ᠤᠨ ᠵᠠᠭᠪᠤᠷ ᠢ ᠦᠳᠲᠡᠷ ᠲᠦᠷᠭᠡᠨ ᠳᠡᠯᠭᠡᠷᠡᠭᠦᠯᠦᠨ ᠨᠠᠶᠢᠳᠠᠪᠤᠷᠢᠵᠢᠭᠤᠯᠪᠠ᠃ ᠬᠤᠶᠠᠷ ᠲᠤ ᠲᠧᠭᠨᠢᠭ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠲᠥᠪᠯᠡᠷᠡᠭᠦᠯᠦᠨ ᠬᠡᠷᠡᠭᠯᠡᠪᠡ᠃ ᠪᠦᠷᠢᠨ ᠪᠦᠷᠬᠦᠪᠴᠢᠳᠤ ᠭᠠᠩ ᠢ ᠡᠰᠡᠷᠭᠦᠴᠡᠵᠦ ᠴᠢᠬᠢ ᠶᠢ ᠬᠠᠮᠠᠭᠠᠯᠠᠬᠤ ᠂ ᠬᠠᠭᠠᠯᠪᠤᠷᠢᠯᠠᠬᠤ ᠦᠭᠡᠢ ᠪᠠᠷ ᠳᠠᠷᠢᠬᠤ᠂ ᠳᠠᠯᠠᠩ ᠢ ᠥᠷᠭᠡᠳᠬᠡᠨ ᠨᠢᠭᠲᠠᠴᠠ ᠶᠢ ᠶᠡᠬᠡᠰᠬᠡᠬᠦ ᠵᠡᠷᠭᠡ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠬᠡᠷᠡᠭᠯᠡᠵᠦ᠂ ᠪᠦᠷᠬᠦᠭᠦᠯ ᠤᠨ ᠬᠠᠵᠠᠭᠤ ᠪᠠᠷ ᠳᠠᠷᠢᠬᠤ + ᠨᠢᠭᠲᠠ ᠳᠠᠷᠢᠵᠤ ᠤᠷᠭᠤᠭᠤᠯᠬᠤ + ᠪᠦᠷᠢᠨ ᠪᠦᠷᠬᠦᠪᠴᠢᠳᠤ ᠮᠡᠷᠭᠡᠵᠢᠯ ᠤᠨ ᠵᠠᠭᠪᠤᠷ ᠢ ᠪᠣᠶ ᠪᠣᠯᠭᠠᠭᠰᠠᠨ ᠪᠥᠭᠡᠳ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠢᠶᠠᠷ ᠨᠡᠶᠢᠯᠡᠭᠦᠯᠦᠨ ᠲᠠᠷᠢᠬᠤ ᠶᠢ ᠤᠯᠠᠮ ᠨᠢᠭᠡ ᠠᠯᠬᠤᠮ ᠳᠡᠯᠭᠡᠷᠡᠭᠦᠯᠦᠨ ᠬᠡᠷᠡᠭᠯᠡᠪᠡ᠃ ᠭᠤᠷᠪᠠ ᠳᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠨᠡᠶᠢᠲᠡᠯᠢᠭ ᠵᠢᠱᠢᠶ᠎ᠡ ᠦᠵᠡᠭᠦᠯᠪᠡ᠃ ᠨᠠᠷᠢᠨ  ᠪᠠᠯᠭᠠᠰᠤ ᠳᠤ ᠪᠦᠬᠦ ᠪᠠᠯᠭᠠᠰᠤ ᠪᠠᠷ ᠨᠢ ᠠᠬᠢᠭᠤᠯᠬᠤ ᠶᠢ ᠬᠡᠷᠡᠭᠵᠢᠭᠦᠯᠦᠭᠰᠡᠨ ᠪᠥᠭᠡᠳ ᠮᠢᠩᠭᠠᠨ ᠮᠦ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ ᠂ ᠠᠳᠠᠯᠢ ᠪᠤᠰᠤ ᠲᠠᠷᠢᠶᠠᠯᠠᠬᠤ ᠵᠠᠭᠪᠤᠷ ᠤᠨ ᠵᠢᠱᠢᠶ᠎ᠡ ᠦᠵᠡᠭᠦᠯᠬᠦ᠂ ᠬᠡᠳᠦ ᠥᠨᠳᠥᠷ ᠤᠨᠠᠯᠲᠠ ᠶᠢᠨ ᠡᠭᠦᠳᠦᠯᠲᠡ ᠶᠢᠨ ᠵᠢᠱᠢᠶ᠎ᠡ ᠦᠵᠡᠭᠦᠯᠬᠦ ᠂ ᠡᠭᠡᠯᠵᠢᠯᠡᠨ ᠲᠠᠷᠢᠬᠤ ᠪᠠ ᠦᠯᠦ ᠬᠠᠭᠠᠯᠪᠤᠷᠢᠯᠠᠬᠤ ᠵᠢᠱᠢᠶ᠎ᠡ ᠦᠵᠡᠭᠦᠯᠬᠦ ᠂ ᠰᠢᠷ᠎ᠠ ᠪᠤᠷᠴᠠᠭ ᠡᠷᠳᠡᠨᠢ ᠰᠢᠰᠢ ᠶᠢ ᠨᠡᠶᠢᠯᠡᠭᠦᠯᠦᠨ ᠲᠠᠷᠢᠬᠤ ᠵᠢᠱᠢᠶ᠎ᠡ ᠦᠵᠡᠭᠦᠯᠬᠦ ᠂ ᠬᠢᠮᠢ ᠶᠢᠨ ᠡᠵᠡᠮᠳᠡᠯ ᠤᠨ ᠮᠡᠷᠭᠡᠵᠢᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠥᠪᠯᠡᠷᠡᠭᠦᠯᠦᠨ ᠳᠡᠯᠭᠡᠨ ᠦᠵᠡᠭᠦᠯᠵᠦ ᠂ ᠮᠡᠷᠭᠡᠵᠢᠯ ᠢ ᠲᠥᠪᠯᠡᠷᠡᠭᠦᠯᠦᠨ ᠨᠠᠶᠢᠳᠠᠪᠤᠷᠢᠵᠢᠭᠤᠯᠵᠤ  ᠪᠣᠲᠠᠲᠠᠶᠢᠵᠢᠭᠤᠯᠬᠤ ᠳᠤ ᠠᠬᠢᠭᠤᠯᠬᠤ ᠦᠢᠯᠡᠳᠦᠯ ᠦᠵᠡᠭᠦᠯᠪᠡ ᠃
图片2.png
      ᠲᠣᠰ ᠮᠡᠷᠭᠡᠵᠢᠯ ᠤᠨ ᠵᠠᠭᠪᠤᠷ  ᠨᠢ ᠪᠥᠬᠦ ᠪᠦᠷᠬᠦᠪᠴᠢ ᠪᠠᠷ ᠭᠠᠩ ᠢ ᠡᠰᠡᠷᠭᠦᠴᠡᠨ ᠴᠢᠬᠢ ᠶᠢ ᠬᠠᠮᠠᠭᠠᠯᠠᠬᠤ ᠪᠠᠷ ᠭᠤᠣᠯ ᠪᠣᠯᠭᠠᠵᠤ᠂ ᠪᠤᠰᠤᠳ ᠮᠡᠷᠭᠡᠵᠢᠯ ᠤᠨ ᠭᠤᠭᠴᠤᠭ᠎ᠠ ᠶᠢ ᠬᠤᠷᠠᠮᠳᠤᠭᠤᠯᠵᠤ᠂ ᠭᠤᠣᠯᠳᠠᠭᠤ ᠲᠥᠬᠦᠮ ᠠᠪᠰᠠᠷᠬᠠᠨ᠂ ᠥᠪᠡᠷ ᠤᠨ ᠥᠷᠲᠡᠭ ᠢ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ ᠵᠡᠷᠭᠡ ᠣᠨᠴᠠᠯᠢᠭ ᠲᠠᠢ ᠪᠠᠶᠢᠳᠠᠭ᠃ ᠰᠦᠯᠢᠶᠥᠦ ᠪᠦᠷᠬᠦᠪᠴᠢ ᠲᠡᠭᠦᠬᠦ ᠨᠣᠷᠮ᠎ᠠ ᠶᠢ 90%  ᠠᠴᠠ ᠳᠡᠭᠡᠭᠰᠢ ᠳᠤ ᠬᠦᠷᠦᠭᠦᠯᠵᠦ᠂ ᠲᠥᠷᠥᠯ ᠵᠦᠢᠯ ᠤᠨ ᠲᠣᠭᠤᠷᠢᠭ ᠤᠨ ᠳᠤᠮᠳᠠᠴᠢ ᠪᠠᠷ ᠮᠦ ᠪᠦᠷᠢ ᠳᠤ 6000 ᠰᠠᠭᠤᠷᠢ ᠴᠢᠬᠢ ᠬᠠᠮᠠᠭᠠᠯᠠᠵᠤ᠂ ᠡᠩ ᠤᠨ ᠲᠠᠷᠢᠮᠠᠯ  ᠠᠴᠠ 1500 ᠰᠠᠭᠤᠷᠢ ᠨᠡᠮᠡᠭᠳᠡᠭᠦᠯᠵᠦ᠂ ᠮᠦ ᠪᠦᠷᠢ ᠶᠢᠨ ᠤᠨᠠᠯᠲᠠ ᠶᠢ 150 ᠺᠢᠯᠣᠭ᠍ᠷᠠᠮ ᠣᠷᠴᠢᠮ ᠳᠡᠭᠡᠭᠰᠢᠯᠡᠭᠦᠯᠵᠦ᠂ ᠮᠦ ᠪᠦᠷᠢ ᠶᠢᠨ ᠣᠷᠣᠯᠭ᠎ᠠ ᠶᠢ 360 ᠲᠥᠭᠦᠷᠢᠭ  ᠨᠡᠮᠡᠭᠳᠡᠭᠦᠯᠪᠡ ᠃ 
图片3.png
      ᠲᠣᠰ ᠵᠠᠭᠪᠤᠷ  ᠨᠢ ᠬᠠᠷᠠᠴᠢᠨ ᠬᠤᠰᠢᠭᠤᠨ ᠤ ᠨᠠᠷᠢᠨ ᠪᠠᠯᠭᠠᠰᠤᠨ ᠳᠤ ᠦᠳᠲᠡᠷ ᠲᠦᠷᠭᠡᠨ ᠲᠡᠯᠭᠡᠷᠡᠵᠦ ᠂ ᠬᠠᠭᠤᠷᠠᠢ ᠣᠷᠣᠨ ᠪᠤᠶᠤ ᠵᠣᠬᠢᠬᠤ ᠬᠡᠮᠵᠢᠶᠡᠨ ᠤ ᠤᠰᠤᠯᠠᠯᠲᠠ ᠶᠢᠨ ᠨᠥᠬᠦᠴᠡᠯ ᠲᠠᠢ ᠭᠠᠵᠠᠷ ᠣᠷᠣᠨ ᠳᠤ ᠬᠡᠷᠡᠭᠯᠡᠬᠦ ᠳᠤ ᠲᠣᠬᠢᠷᠠᠮᠵᠢᠲᠠᠢ ᠪᠠᠶᠢᠳᠠᠭ᠃ ᠲᠣᠰ ᠵᠠᠭᠪᠤᠷ ᠢ ᠣᠶᠢᠷᠠᠯᠴᠠᠭ᠎ᠠ ᠨᠥᠬᠦᠴᠡᠯ ᠲᠠᠢ ᠭᠠᠵᠠᠷ ᠣᠷᠣᠨ ᠳᠤ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ  ᠨᠢ ᠲᠣᠬᠢᠷᠠᠭᠤᠯᠤᠨ ᠳᠡᠯᠭᠡᠷᠡᠭᠦᠯᠵᠦ ᠪᠣᠯᠣᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号