ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ︽ᠳᠠᠭᠠᠭᠤᠯᠤᠭᠴᠢ︾ ᠪᠣᠶᠢᠵᠢᠭᠤᠯᠬᠤ ᠲᠥᠷᠥᠯ ᠵᠦᠢᠯ ᠤᠨ ᠵᠧᠵᠢᠶᠠᠩ ᠶᠡᠭᠡ ᠰᠤᠷᠭᠠᠭᠤᠯᠢ ᠶᠢᠨ ᠵᠢᠯᠣᠭᠤᠳᠤᠭᠴᠢ ᠪᠠᠭᠰᠢ ᠦᠬᠠᠢ ᠬᠤᠲᠠ ᠳᠤ ᠬᠦᠷᠴᠦ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/11/6
      11 ᠰᠠᠷ᠎ᠠ ᠶᠢᠨ 2 ᠤᠨ ᠡᠳᠦᠷ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ︽ᠳᠠᠭᠠᠭᠤᠯᠤᠭᠴᠢ︾ ᠪᠣᠶᠢᠵᠢᠭᠤᠯᠬᠤ ᠲᠦᠷᠦᠯ ᠵᠦᠢᠯ ᠤᠨ ᠵᠧᠵᠢᠶᠠᠩ ᠶᠡᠭᠡ ᠰᠤᠷᠭᠠᠭᠤᠯᠢ ᠶᠢᠨ ᠵᠢᠯᠣᠭᠤᠳᠤᠭᠴᠢ ᠪᠠᠭᠰᠢ ᠵᠦ ᠰᠢᠶᠣᠣ ᠰᠢᠶᠠᠩ ᠵᠡᠷᠭᠡ ᠲᠠᠪᠤᠭᠤᠯᠠ ᠦᠬᠠᠢ ᠬᠤᠳᠠ ᠳᠤ ᠬᠦᠷᠴᠦ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠂ ᠤᠷᠢᠳ ᠬᠤᠵᠢᠳ ᠰᠢᠨ ᠢ ᠹᠧᠩ ᠲᠦᠭᠦᠭᠡᠷᠦᠮᠵᠢᠲᠦ ᠦᠵᠦᠮ ᠤᠨ ᠲᠠᠷᠢᠮᠠᠯ ᠤᠨ ᠰᠠᠭᠤᠷᠢᠨ ᠭᠠᠵᠠᠷ᠂ ᠥᠨᠳᠥᠷ ᠦᠷ᠎ᠡ ᠠᠰᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠰᠢ ᠰᠢᠩ ᠵᠣᠴᠢᠳ ᠤᠨ ᠪᠠᠭᠤᠳᠠᠯ ᠳᠤ ᠭᠦᠨᠵᠡᠭᠡᠶᠢᠷᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠡᠭᠦᠨ ᠤ ᠬᠠᠮᠲᠤ ᠬᠤᠶᠠᠳᠤᠭᠠᠷ ᠬᠤᠭᠤᠴᠠᠭᠠᠨ ᠤ ᠰᠤᠷᠤᠭᠴᠢ ᠰᠢᠨ ᠢ ᠹᠧᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠮᠠ ᠵᠢᠶᠦ᠋ᠨ᠂ ᠨᠠᠢᠮᠠᠳᠤᠭᠠᠷ ᠬᠤᠭᠤᠴᠠᠭᠠᠨ ᠤ ᠰᠤᠷᠤᠭᠴᠢ ᠬᠤᠩ ᠰᠢᠩ ᠲᠠᠷᠢᠶᠠᠨ ᠭᠠᠵᠠᠷ ᠤᠨ ᠳᠠᠷᠢᠵᠤ ᠲᠡᠵᠢᠭᠡᠨ ᠦᠷᠡᠵᠢᠭᠦᠯᠬᠦ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠯᠢᠨ ᠮᠣᠣ᠂ ᠶᠢᠰᠦᠳᠦᠭᠡᠷ ᠬᠤᠭᠤᠴᠠᠭᠠᠨ ᠤ ᠰᠤᠷᠤᠭᠴᠢ ᠭᠤᠤ ᠵᠢᠶᠠᠨ ᠮᠢᠨ ᠤ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠲᠠᠨ ᠭᠤᠤ ᠵᠢᠩ ᠵᠡᠷᠭᠡ ︽ᠳᠠᠭᠠᠭᠤᠯᠤᠭᠴᠢ︾  ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠠᠢ᠂ ᠲᠤᠬᠠᠢ ᠶᠢᠨ ᠲᠠᠯᠠᠪᠤᠷ ᠲᠤ ︽ᠳᠠᠭᠠᠭᠤᠯᠤᠭᠴᠢ︾ ᠶᠢᠨ ᠠᠵᠤ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠳᠤ ᠬᠠᠷᠢᠭᠤᠯᠲᠠ ᠥᠭᠴᠦ᠂ ᠡᠵᠡᠩᠨᠡᠯᠲᠡ ᠶᠢᠨ ᠭᠤᠣᠯ ᠴᠣᠭᠴᠠ ᠶᠢᠨ ᠬᠤᠶᠢᠰᠢᠳᠠ ᠶᠢᠨ ᠬᠥᠭᠵᠢᠯᠲᠡ ᠶᠢᠨ ᠰᠡᠳᠬᠢᠴᠡ ᠶᠢ ᠥᠷᠭᠡᠳᠬᠡᠪᠡ᠃ ᠸᠢᠴᠠᠲ ᠤᠨ ᠪᠦᠯᠦᠭᠯᠡᠯ ︽ᠵᠢᠯᠣᠭᠤᠳᠤᠭᠴᠢ ᠪᠠᠭᠰᠢ + ᠰᠣᠷᠣᠭᠴᠢ︾ ᠶᠢᠨ ᠰᠦᠯᠵᠢᠶᠡᠨ ᠳᠡᠭᠡᠷᠡᠬᠢ ᠰᠣᠯᠢᠯᠴᠠᠭᠠᠨ ᠤ ᠲᠠᠪᠴᠠᠩ ᠢ ᠵᠡᠷᠭᠡ ᠪᠠᠷ ᠪᠠᠶᠢᠭᠤᠯᠵᠤ᠂ ︽ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ︾ ︽ᠦᠢᠯᠡᠳᠪᠦᠷᠢᠯᠡᠯ ᠰᠤᠷᠤᠯᠴᠠᠯᠭ᠎ᠠ ᠶᠢᠨ ᠠᠭᠤᠰᠤᠯᠴᠠᠯ︾ ᠶᠢ ᠠᠬᠢᠭᠤᠯᠤᠭᠰᠠᠨ ᠪᠠᠶᠢᠨ᠎ᠠ᠃ 
图片1.png
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号