ᠣᠶᠢᠷ᠎ᠠ ᠶᠢᠨ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠢ ᠠᠳᠬᠤᠬᠤ ᠪᠠᠷ ᠭᠠᠷᠳᠠᠴᠠ ᠪᠤᠯᠭᠠᠵᠤ᠂ ᠪᠦᠭᠦ | ᠣᠷᠣᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠲᠠᠮᠵᠢᠵᠤ ᠪᠠᠶᠢᠨ᠎ᠠ᠃ 2022 ᠣᠨ | ᠠᠴᠠ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠮᠥᠩᠭᠦ ᠶᠢ ᠨᠡᠶᠢᠲᠡ 97.02 ᠳ᠋ᠦᠩᠰᠢᠭᠤᠷ ᠲᠥᠭᠦᠷᠢᠭ | ᠪᠠᠭᠤᠯᠭᠠᠵᠤ᠂ 795 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠳᠡᠮᠵᠢᠬᠦ ᠳᠤ ᠬᠡᠷᠡᠭᠯᠡᠪᠡ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢ ᠤᠯᠠᠮ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠪᠠᠲᠤᠯᠠᠬᠤ ᠶᠢᠨ ᠲᠥᠯᠥᠭᠡ᠂ | 2022 ᠣᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠤᠰᠬᠠᠢ ᠲᠠᠩᠰᠠ ᠪᠠᠷ ᠬᠠᠮᠢᠶᠠᠷᠬᠤ ᠶᠢ ᠬᠡᠷᠡᠭᠵᠢᠭᠦᠯᠵᠦ᠂ ᠪᠡᠯᠡ | ᠮᠥᠩᠭᠦ ᠶᠢᠨ ᠲᠤᠰᠬᠠᠢ ᠵᠣᠭᠤᠰ ᠢ ᠲᠤᠰᠬᠠᠢ ᠬᠡᠷᠡᠭᠯᠡᠬᠦ᠂ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢ ᠨᠢᠭᠡᠳᠦᠯᠲᠡᠢ ᠲᠥᠯᠥᠪᠵᠢᠭᠦᠯᠵᠦ ᠨᠡᠶᠢᠳᠬᠡᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠳᠠᠷᠤᠮᠠᠯᠯᠠᠨ ᠲᠠᠷᠬᠠᠭᠠᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠵᠢᠯ ᠪᠦᠷᠢ 1000 ᠲᠦᠮᠡᠨ ᠲᠥᠭᠦᠷᠢᠭ | ᠲᠣᠬᠢᠷᠠᠭᠤᠯᠤᠨ ᠲᠣᠰ ᠵᠢᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ | ᠬᠤᠰᠢᠭᠤ ᠰᠢᠶᠠᠨ ︵ᠬᠤᠲᠠ᠂ ᠲᠣᠭᠤᠷᠢᠭ︶ ᠢ ᠱᠠᠩᠨᠠᠨ ᠬᠥᠬᠢᠭᠦᠯᠵᠦ᠂ 1000 ᠲᠦᠮᠡᠨ ᠲᠥᠭᠦᠷᠢᠭ ᠲᠣᠬᠢᠷᠠᠭᠤᠯᠤᠨ | ᠪᠠᠶᠢᠭᠤᠯᠤᠭᠰᠠᠨ ᠲᠥᠷᠥᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ | ᠲᠣᠰᠬᠤᠨ ᠤ ᠬᠠᠮᠲᠤ ᠨᠡᠶᠢᠲᠡ ᠶᠢ ᠱᠠᠩᠨᠠᠨ ᠬᠥᠬᠢᠭᠦᠯᠬᠦ ᠪᠠᠷ ᠲᠣᠳᠣᠷᠬᠠᠶᠢᠯᠠᠪᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠪᠠᠰᠠ︽ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠬᠠᠮᠢᠶ᠎ᠠ ᠪᠦᠬᠦᠢ ᠠᠵᠢᠯ ᠢ | ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠭᠦᠨ ᠳᠤ ᠲᠥᠷᠥᠯ ᠵᠦᠢᠯ ᠢ ᠬᠡᠷᠡᠭᠵᠢᠭᠦᠯᠬᠦ | ᠬᠡᠪᠴᠢᠶ᠎ᠡ ᠵᠢᠴᠢ ᠭᠤᠣᠯ ᠴᠣᠭᠴᠠ ᠶᠢ ᠲᠣᠳᠣᠷᠬᠠᠶᠢᠯᠠᠵᠤ᠂ ᠬᠢᠨᠠᠨ ᠬᠠᠷᠭᠤᠭᠤᠯᠬᠤ ᠪᠠ ᠪᠦᠷᠢᠳᠬᠡᠨ ᠳᠠᠩᠰᠠᠯᠠᠬᠤ ᠲᠠᠰ | ᠳᠠᠷᠠᠭᠠᠯᠠᠯ ᠢ ᠵᠢᠷᠤᠮᠵᠢᠭᠤᠯᠵᠤ᠂ ᠪᠦᠲᠦᠭᠡᠨ ᠪᠠᠶᠢᠭᠤᠯᠬᠤ ᠡᠭᠦᠷᠭᠡ ᠪᠠ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ | ᠲᠣᠳᠣᠷᠬᠠᠢ ᠳᠤᠷᠠᠳᠤᠨ ᠭᠠᠷᠭᠠᠪᠠ︔ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ | ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠵᠤ ᠪᠡᠯᠡ ᠮᠥᠩᠭᠦ ᠴᠤᠭᠯᠠᠭᠤᠯᠤᠨ ᠭᠦᠳᠡᠯᠮᠦᠷᠢ ᠬᠦᠴᠦ | ᠵᠠᠷᠤᠴᠠᠭᠤᠯᠬᠤ ᠶᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠭᠠᠵᠠᠷ | ᠰᠢᠷᠣᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠦᠭᠦ ᠶᠠᠪᠤᠴᠠ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ᠂ ᠪᠦᠭᠦ ᠣᠷᠣᠨ ᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠯᠠᠨ ᠲᠦᠮᠡᠨ ᠣᠷᠤᠯᠴᠠᠬᠤ᠂ ᠬᠠᠮᠲᠤ ᠪᠠᠷ ᠪᠦᠲᠦᠭᠡᠨ | ᠪᠠᠶᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ ᠭᠡᠵᠦ | ᠲᠣᠳᠣᠷᠬᠠᠢ ᠳᠤᠷᠠᠳᠤᠨ ᠭᠠᠷᠭᠠᠪᠠ᠃ | ᠣᠳᠣᠬᠠᠨ ᠳᠤ᠂ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠮᠦ ᠨᠢᠭᠡᠴᠢ ᠶᠢᠨ ᠡᠳ᠋ ᠤᠨ ᠵᠠᠰᠠᠭ ᠤᠨ ᠨᠥᠬᠦᠪᠦᠷᠢ ᠤᠰᠤᠯᠠᠯᠲᠠ ᠶᠢᠨ | ᠲᠠᠷᠢᠶ᠎ᠡ ᠳᠤ 1700 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠠᠭᠤᠷᠠᠢ ᠲᠠᠷᠢᠶ᠎ᠡ ᠳᠤ 1200 | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠨᠥᠬᠦᠪᠦᠷᠢ ᠣᠯᠭᠤᠬᠤ ᠪᠠᠷᠢᠮᠵᠢᠶ᠎ᠠ ᠪᠠᠷ ᠬᠡᠷᠡᠭᠵᠢᠭᠦᠯᠵᠦ ᠪᠤᠢ᠃ | ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠡᠶᠡᠯᠡᠭᠦᠯᠬᠦ ᠶᠢ | ᠪᠠᠲᠤᠯᠠᠵᠤ᠂ ᠦᠨᠳᠦᠰᠦᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢᠨ ᠳᠠᠷᠤᠭᠠᠰᠤ ᠶᠢ ᠬᠥᠩᠭᠡᠷᠡᠭᠦᠯᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠲᠥᠪ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠭᠠᠷᠭᠠᠪᠠᠯ᠂ ᠣᠷᠣᠨ ᠨᠤᠲᠤᠭ ᠤᠨ | ᠡᠳ᠋ ᠤᠨ ᠵᠠᠰᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ | ᠪᠦᠭᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ ᠪᠠᠶᠢᠨ᠎ᠠ᠃ |