ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠡᠨ ᠤ ᠡᠵᠡᠨ︾ ᠢᠶᠠᠷ ᠲᠣᠭᠲᠠᠭᠠᠬᠤ ᠪᠠᠷ ᠪᠠᠶᠢᠭ᠎ᠠ ᠠᠵᠤ ᠠᠬᠤᠶᠢᠯᠠᠯ ᠤᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/11/7
      ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 7 ᠰᠠᠯᠠᠭ᠎ᠠ ᠮᠥᠴᠢᠷ ᠤᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽︿ᠬᠡᠯᠬᠢᠶᠡᠨ ᠤ ᠡᠵᠡᠨ﹀ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ ᠠᠵᠤ ᠦᠢᠯᠡᠰ ᠤᠨ ᠰᠦᠷᠦᠭᠵᠢᠯ ᠤᠨ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠠᠵᠤ ᠦᠢᠯᠡᠰ ᠥᠰᠥᠭ ﹇2023﹈ 612 ᠳ᠋ᠤᠭᠠᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠡᠨ ᠤ ᠡᠵᠡᠨ︾ ᠠᠵᠤ ᠠᠬᠤᠶᠢᠯᠠᠯ ᠢ ᠰᠢᠯᠢᠨ ᠰᠣᠩᠭᠤᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ᠂ ᠠᠶᠢᠮᠠᠭ ᠬᠤᠲᠠ ᠶᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠯᠲᠠ᠂ ︽ᠬᠡᠯᠬᠢᠶᠡᠨ ᠤ ᠳᠠᠷᠤᠭ᠎ᠠ︾ ᠶᠢᠨ ᠬᠢᠨᠠᠨ ᠲᠣᠭᠲᠠᠭᠠᠯᠲᠠ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ 2 ᠰᠦ ᠶᠢᠨ ᠦᠢᠯᠡᠰ ᠤᠨ ︽ᠬᠡᠯᠬᠢᠶᠡᠨ ᠤ ᠡᠵᠡᠨ︾ ᠠᠵᠤ ᠠᠬᠤᠶᠢᠯᠠᠯ  ᠢᠶᠠᠷ ᠲᠣᠭᠲᠠᠭᠠᠬᠤ ᠪᠠᠷ ᠪᠣᠶ᠃ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ︵11 ᠰᠠᠷ᠎ᠠ ᠶᠢᠨ 7 ᠤ ᠡᠳᠦᠷ ᠠᠴᠠ 11 ᠰᠠᠷ᠎ᠠ ᠶᠢᠨ 14 ᠤ ᠡᠳᠦᠷ ᠪᠣᠯᠲᠠᠯ᠎ᠠ︶᠂ ᠬᠡᠷᠪᠡ ᠣᠨᠳᠣᠣ ᠰᠠᠨᠠᠯ ᠲᠠᠢ ᠪᠣᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ ᠳᠤᠰᠬᠠᠭᠠᠷᠠᠢ᠃      ᠬᠠᠷᠢᠯᠴᠠᠬᠤ ᠤᠲᠠᠰᠤ᠄ 0471-6652128       ᠳᠠᠭᠠᠯᠳᠤᠭᠤᠯᠤᠯ᠄ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠡᠨ ᠤ ᠡᠵᠡᠨ︾ ᠠᠵᠤ ᠠᠬᠤᠶᠢᠯᠠᠯ ᠢᠶᠠᠷ ᠲᠣᠭᠲᠠᠭᠠᠬᠤ ᠪᠠᠷ ᠪᠠᠶᠢᠭ᠎ᠠ ᠨᠡᠷᠡᠰ                          ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                        ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                               2023 ᠣᠨ ᠤ 11 ᠰᠠᠷ᠎ᠠ ᠶᠢᠨ 7 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号