ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠪᠥᠬᠦ ᠣᠷᠣᠨ ᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠤᠨ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/11/7
      ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 31 ᠤ ᠡᠳᠦᠷ ᠠᠴᠠ 11 ᠰᠠᠷ᠎ᠠ ᠶᠢᠨ 1 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠠᠴᠠ ᠬᠥᠬᠡᠬᠤᠲᠠ ᠳᠤ ᠪᠥᠬᠦ ᠣᠷᠣᠨ ᠤ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠤᠨ ᠰᠡᠷᠭᠡᠶᠢᠯᠡᠨ ᠵᠠᠰᠠᠬᠤ ᠭᠠᠵᠠᠷ ᠤᠨ ᠰᠤᠳᠤᠯᠤᠭᠴᠢ ᠵᠤᠤ ᠵᠦᠩ ᠬᠤᠸᠠ ᠪᠣᠯᠣᠨ ᠭᠦᠸᠧ ᠷᠦᠩ᠂ ᠪᠡᠭᠡᠵᠢᠩ ᠤᠨ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠂ ᠪᠠᠷᠠᠭᠤᠨ ᠬᠤᠶᠢᠲᠤ ᠶᠢᠨ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠶᠡᠭᠡ ᠰᠤᠷᠭᠠᠭᠤᠯᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ 8 ᠲᠤᠰᠬᠠᠢ ᠮᠡᠷᠭᠡᠵᠢᠯᠲᠡᠨ ᠢ ᠤᠷᠢᠵᠤ ᠤᠷᠢᠨ ᠬᠢᠴᠢᠶᠡᠯ ᠣᠷᠣᠭᠤᠯᠵᠠᠢ ᠃ ᠪᠥᠬᠦ ᠣᠷᠣᠨ ᠤ 12 ᠠᠶᠢᠮᠠᠭ ᠬᠤᠲᠠ᠂ 58 ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠳᠡᠯᠭᠡᠷᠡᠭᠦᠯᠦᠯᠲᠡ ᠶᠢᠨ ᠲᠥᠪ ᠤᠨ ᠡᠷᠬᠢᠯᠡᠭᠴᠢ᠂ ᠤᠷᠭᠤᠮᠠᠯ ᠤᠨ ᠬᠠᠮᠠᠭᠠᠯᠠᠯᠲᠠ ᠶᠢᠨ ᠥᠷᠲᠡᠭᠡᠨ ᠳᠠᠷᠤᠭ᠎ᠠ ᠵᠡᠷᠭᠡ ᠨᠡᠶᠢᠲᠡ 100 ᠭᠠᠷᠤᠢ ᠬᠥᠮᠥᠨ ᠲᠣᠰ ᠤᠳᠠᠭᠠᠨ ᠤ ᠪᠣᠯᠪᠠᠰᠤᠷᠠᠯ  ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠲᠥᠪ ᠤᠨ ᠡᠷᠬᠢᠯᠡᠭᠴᠢ ᠬᠤᠸᠠᠩ ᠵᠢᠶᠦ᠋ᠨ ᠰᠢᠶᠠ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃
图片1.png
      ᠲᠣᠰ ᠤᠳᠠᠭᠠᠨ ᠤ ᠪᠣᠯᠪᠠᠰᠤᠷᠠᠯ ᠳᠤ ︽ᠪᠣᠬᠢᠷᠲᠤᠯ ᠦᠭᠡᠢ ᠤᠷᠭᠤᠮᠠᠯ ᠢ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠤᠷᠭᠤᠮᠠᠯ ᠢ ᠬᠠᠮᠠᠭᠠᠯᠠᠬᠤ︾ ᠪᠠᠷ ᠭᠤᠣᠯ ᠰᠡᠳᠦᠪ ᠪᠣᠯᠭᠠᠵᠤ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠣᠶᠢᠯᠠᠭᠠᠭᠳᠠᠬᠤᠨ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠬᠥᠭᠵᠢᠯᠲᠡ ᠶᠢᠨ ᠠᠷᠭ᠎ᠠ ᠪᠣᠳᠣᠯᠭ᠎ᠠ ᠵᠢᠴᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠠᠮᠤᠭ ᠤᠨ ᠰᠢᠨ᠎ᠡ ᠠᠬᠢᠴᠠ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠰᠢᠯᠢᠮᠳᠡᠭ᠂ ᠡᠯᠳᠡᠪ ᠠᠮᠤ ᠬᠤᠯᠢᠮᠠᠭ ᠪᠤᠷᠴᠠᠭ ᠵᠡᠷᠭᠡ ᠭᠤᠣᠯ ᠪᠣᠯᠬᠤ ᠲᠠᠷᠢᠮᠠᠯ ᠤᠨ ᠭᠤᠣᠯ ᠪᠣᠯᠬᠤ ᠡᠪᠡᠳᠴᠢᠨ ᠬᠤᠷᠣᠬᠠᠢ ᠶᠢᠨ ᠬᠥᠨᠥᠭᠡᠯ ᠢ ᠢᠯᠭᠠᠨ ᠲᠠᠨᠢᠬᠤ ᠵᠢᠴᠢ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠬᠡᠷᠡᠭᠯᠡᠭᠡᠨ ᠳᠤ ᠴᠢᠭᠯᠡᠭᠦᠯᠦᠨ ᠪᠣᠯᠪᠠᠰᠤᠷᠠᠯ ᠬᠢᠪᠡ᠃ ᠬᠢᠴᠢᠶᠡᠯᠯᠡᠬᠦ ᠲᠤᠰᠬᠠᠢ ᠮᠡᠷᠭᠡᠵᠢᠯᠲᠡᠳ ᠥᠪᠡᠷ ᠤᠨ ᠣᠯᠠᠨ ᠵᠢᠯ ᠤᠨ ᠰᠤᠳᠤᠯᠭᠠᠨ ᠳᠠᠭᠠᠨ ᠰᠠᠭᠤᠷᠢᠯᠠᠨ᠂ ᠨᠠᠷᠢᠨ ᠬᠢᠨᠠᠮᠠᠭᠠᠢ ᠬᠢᠴᠢᠶᠡᠯᠯᠡᠭᠰᠡᠨ ᠢᠶᠠᠷ ᠪᠠᠶᠢᠬᠤ ᠪᠠᠷ ᠪᠠᠷᠠᠬᠤ ᠦᠭᠡᠢ ᠪᠠᠰᠠ ᠰᠤᠷᠤᠭᠴᠢᠳ ᠲᠠᠢ ᠲᠤᠬᠠᠢ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠵᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠢ ᠨᠢ ᠳᠡᠶᠢᠯᠵᠦ᠂ ᠮᠠᠰᠢ ᠰᠠᠶᠢᠨ ᠪᠣᠯᠪᠠᠰᠤᠷᠠᠯ ᠤᠨ ᠦᠷ᠎ᠡ ᠪᠦᠲᠦᠮᠵᠢ ᠣᠯᠣᠭᠰᠠᠨ ᠪᠠᠶᠢᠨ᠎ᠠ᠃
图片2.png
      ᠲᠣᠰ ᠤᠳᠠᠭᠠᠨ ᠤ ᠪᠣᠯᠪᠠᠰᠤᠷᠠᠯ  ᠨᠢ ᠮᠠᠨ ᠤ ᠣᠷᠣᠨ ᠤ ᠤᠷᠭᠤᠮᠠᠯ ᠤᠨ ᠬᠠᠮᠠᠭᠠᠯᠠᠯᠲᠠ ᠶᠢᠨ ᠮᠡᠷᠭᠡᠵᠢᠯ ᠤᠨ ᠠᠵᠢᠯᠲᠠᠨ ᠤ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠮᠡᠷᠭᠡᠵᠢᠯ ᠤᠨ ᠮᠡᠳᠡᠯᠭᠡ ᠶᠢᠨ ᠰᠢᠰᠲ᠋ᠧᠮ ᠢ ᠰᠢᠨᠡᠳᠬᠡᠵᠦ᠂ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠠᠵᠢᠯ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃    
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号