ᠥᠪᠥᠷ ᠮᠣᠩᠭᠤᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠬᠦ ᠣᠷᠣᠨ ᠪᠦᠰᠡ ᠶᠢᠨ ᠲᠤᠷᠰᠢᠯᠲᠠ ᠶᠢᠨ ᠴᠡᠭ ᠤᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠵᠢᠴᠢ ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠶᠢᠨ ᠢᠨᠵᠧᠨᠧᠷᠢᠩ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/11/8
      11 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠬᠦ ᠣᠷᠣᠨ ᠪᠦᠰᠡ ᠶᠢᠨ ᠲᠤᠷᠰᠢᠯᠲᠠ ᠶᠢᠨ ᠴᠡᠭ ᠤᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠵᠢᠴᠢ ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠶᠢᠨ ᠢᠨᠵᠧᠨᠧᠷᠢᠩ ᠤᠨ ᠪᠣᠯᠪᠠᠰᠤᠷᠠᠯ ᠤᠨ ᠠᠩᠭᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳ᠋ᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ 
11.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠪᠠᠶᠠᠨᠨᠠᠭᠤᠷ ᠬᠤᠳᠠ᠂ ᠬᠢᠩᠭᠠᠨ ᠠᠶᠢᠮᠠᠭ ᠤᠨ ᠵᠠᠯᠠᠶᠢᠳ ᠬᠤᠰᠢᠭᠤ ᠪᠦᠬᠦ ᠣᠷᠣᠨ ᠪᠦᠰᠡ ᠶᠢᠨ ᠲᠤᠷᠰᠢᠯᠲᠠ ᠶᠢᠨ ᠴᠡᠭ ᠪᠠᠶᠢᠭᠤᠯᠬᠤ ᠲᠤᠬᠠᠢ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠲᠦᠩᠯᠢᠶᠣᠣ ᠬᠤᠳᠠ ︽ᠬᠤᠶᠠᠷ ᠲᠡᠷᠢᠭᠦᠨ︾ ᠤ ᠴᠢᠬᠤᠯᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ 
22.png
       ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ︽ᠬᠠᠷ᠎ᠠ ᠬᠦᠷᠦᠰᠦᠲᠤ ᠭᠠᠵᠠᠷ ᠢ ᠤᠷᠢᠳᠠᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ᠂ ᠦᠨᠳᠦᠰᠦᠨ ᠲᠠᠷᠢᠶᠠᠨ ᠭᠠᠵᠠᠷ ᠢ ᠤᠷᠢᠳᠠᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠣᠭᠲᠠᠴᠠ ᠶᠢᠨ ᠰᠢᠨ᠎ᠡ  ᠶᠢ ᠡᠭᠦᠳᠬᠦ  ᠶᠢ ᠴᠢᠬᠤᠯᠠᠴᠢᠯᠠᠵᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ︽ᠵᠢᠵᠢᠭ ᠲᠠᠷᠢᠶ᠎ᠠ ᠶᠢ ᠶᠡᠭᠡ ᠲᠠᠷᠢᠶ᠎ᠠ ᠪᠣᠯᠭᠠᠨ ᠨᠡᠶᠢᠯᠡᠭᠦᠯᠬᠦ︾᠂ ᠬᠡᠪᠴᠢᠶᠡᠵᠢᠭᠦᠯᠦᠨ ᠡᠵᠡᠩᠨᠡᠬᠦ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠥᠨᠳᠥᠷ ᠪᠦᠲᠦᠮᠵᠢᠲᠡᠶ ᠠᠰᠢᠭᠯᠠᠬᠤ᠂ ᠬᠠᠷ᠎ᠠ ᠬᠦᠷᠦᠰᠦᠲᠤ ᠭᠠᠵᠠᠷ ᠢ ᠬᠠᠮᠠᠭᠠᠯᠠᠨ ᠠᠰᠢᠭᠯᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠥᠷᠥᠯ ᠵᠦᠢᠯ ᠤᠨ ᠨᠥᠭᠡᠴᠡᠯᠡᠯᠲᠡ ᠶᠢᠨ ᠦᠷ᠎ᠡ ᠪᠦᠲᠦᠮᠵᠢ᠂ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠮᠵᠢ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ᠂ ᠪᠡᠯᠡ ᠮᠥᠩᠭᠦ ᠰᠢᠯᠵᠢᠭᠦᠯᠦᠨ ᠥᠭᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠶᠠᠪᠤᠴᠠ ᠶᠢᠨ ᠬᠠᠮᠢᠶᠠᠷᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠨᠳᠦᠰᠦᠨ ᠲᠠᠷᠢᠶᠠᠨ ᠭᠠᠵᠠᠷ ᠢ ᠡᠷᠲᠡᠬᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
33.png
       ᠪᠣᠯᠪᠠᠰᠤᠷᠠᠯ ᠳᠤ ᠣᠷᠣᠯᠴᠠᠭᠰᠠᠳ ᠵᠠᠯᠠᠶᠢᠳ ᠬᠤᠰᠢᠭᠤᠨ ᠤ ᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠭᠤᠷᠢᠭ᠂ ᠢᠨᠳᠡᠷ ᠪᠠᠯᠭᠠᠰᠤ ᠶᠢᠨ ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ ᠵᠢᠱᠢᠶ᠎ᠡ ᠦᠵᠡᠭᠦᠯᠬᠦ ᠲᠣᠭᠤᠷᠢᠭ᠂ ᠬᠤᠯᠪᠤᠭ᠎ᠠ ᠪᠠᠯᠭᠠᠰᠤ ᠶᠢᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠣᠶᠤᠨᠲᠤ ᠲᠠᠷᠢᠶᠠᠯᠠᠩ + ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ︾ ᠲᠥᠷᠥᠯ ᠵᠦᠢᠯ ᠢ ᠲᠤᠬᠠᠢ ᠶᠢᠨ ᠭᠠᠵᠠᠷ  ᠲᠤᠨᠢ ᠲᠣᠭᠤᠷᠢᠨ ᠦᠵᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号