ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ︽︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠯᠢᠳᠡᠭᠵᠢᠭᠦᠯᠬᠦ︾ ᠲᠠᠩ ᠵᠦᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠨᠢ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠰᠤᠩᠭᠤᠭᠳᠠᠪᠠ
ᠨᠡᠶᠢᠲᠡᠯᠡᠭᠰᠡᠨ ᠴᠠᠭ᠄
2023/11/9
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠠᠯᠪᠠᠨ ᠭᠡᠷ ︽2023 ᠣᠨ ᠤ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠪᠠ ᠲᠥᠷᠥᠯ ᠵᠦᠢᠯ ᠢ ᠨᠡᠷᠡᠶᠢᠳᠬᠦ ᠲᠤᠬᠠᠢ ᠲᠣᠭᠲᠠᠭᠠᠯ︾ ᠢ ᠨᠡᠶᠢᠲᠡᠯᠡᠪᠡ᠂ ᠡᠭᠦᠨ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ︽︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠢᠯᠢᠳᠡᠭᠵᠢᠭᠦᠯᠬᠦ︾ ᠲᠠᠩ ᠵᠦᠢᠯ ᠤᠨ ᠵᠢᠱᠢᠶ᠎ᠡ ᠦᠵᠡᠭᠦᠯᠬᠦ ᠲᠥᠷᠥᠯ ᠵᠦᠢᠯ  ᠨᠢ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠰᠤᠩᠭᠤᠭᠳᠠᠪᠠ᠃      ᠡᠨᠡ ᠵᠢᠯ ᠠᠴᠠ ᠨᠠᠰᠢ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ ᠨᠢᠭᠡ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠠᠤᠯᠢ ᠶᠣᠰᠣᠭᠠᠷ ᠰᠢᠯᠢᠳᠡᠭᠵᠢᠭᠦᠯᠪᠡ ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠢᠯᠭᠠᠷᠠᠭᠤᠯᠤᠨ ᠲᠢᠭᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠨᠡᠶᠢᠳᠡ 112 ᠵᠦᠢᠯ ᠳᠤ ᠡᠷᠬᠡ ᠶᠢ ᠳᠣᠷᠣᠭᠰᠢ ᠪᠠᠭᠤᠯᠭᠠᠪᠠ᠃ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠣᠷᠣᠨ ᠳᠤ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ 49 ᠵᠦᠢᠯ ᠤᠨ ᠵᠥᠪᠰᠢᠶᠡᠷᠡᠯ ᠤᠨ ᠵᠦᠢᠯᠡᠰ ᠤᠨ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠬᠢᠨᠠᠨ ᠬᠠᠮᠢᠶᠠᠷᠬᠤ ᠲᠥᠰᠥᠯ ᠢ ᠠᠩᠬ᠎ᠠ ᠤᠳᠠᠭ᠎ᠠ ᠨᠡᠶᠢᠭᠡᠮ ᠨᠡᠶᠢᠲᠡ ᠳᠤ ᠢᠯᠡ ᠪᠣᠯᠭᠠᠪᠠ᠃ ᠬᠤᠶᠠᠷ ᠲᠤ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢᠨ ᠳᠦᠷᠢᠮ ᠢ ᠭᠦᠨᠵᠡᠭᠡᠢ ᠲᠦᠯᠬᠢᠨ ᠠᠬᠢᠭᠤᠯᠪᠠ᠃ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ᠂ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠨᠡᠶᠢᠭᠡᠮ ᠨᠡᠶᠢᠲᠡ ᠳᠤ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ 59 ᠨᠡᠶᠢᠲᠡᠯᠡᠵᠦ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ᠂ ᠬᠡᠷᠡᠭᠵᠢᠭᠦᠯᠬᠦ ᠭᠤᠣᠯ ᠴᠣᠭᠴᠠ᠂ ᠬᠠᠷᠢᠭᠤᠴᠠᠯᠭ᠎ᠠ ᠶᠢᠨ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠨ᠂ ᠬᠡᠷᠡᠭᠵᠢᠭᠦᠯᠬᠦ ᠵᠦᠢᠯᠡᠰ ᠢ ᠵᠢᠷᠤᠮᠵᠢᠭᠤᠯᠤᠨ ᠬᠠᠮᠢᠶᠠᠷᠪᠠ ᠃ ᠭᠤᠷᠪᠠ ᠳᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ︽ ᠬᠤᠶᠠᠷ ᠢ ᠲᠣᠬᠢᠶᠠᠯᠳᠤᠯ ᠢᠶᠠᠷ ᠬᠢᠬᠦ ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ︾ ᠶᠢ ᠲᠦᠯᠬᠢᠨ ᠠᠬᠢᠭᠤᠯᠪᠠ᠃ ᠡᠭᠦᠨ ᠤ ᠬᠠᠮᠲᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ︽ᠬᠤᠶᠠᠷ ᠢ ᠵᠠᠷᠯᠠᠨ ᠨᠡᠶᠢᠲᠡᠯᠡᠬᠦ︾ ᠶᠢ ᠴᠢᠩᠭᠠᠳᠬᠠᠪᠠ᠃ ᠳᠥᠷᠪᠡ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠪᠠ ᠃ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠬᠤᠯᠪᠣᠭᠳᠠᠭᠰᠠᠨ 38 ᠬᠤᠪᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠳᠤ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠪᠡ ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠠᠵᠢᠯ ᠢ ᠬᠢᠨᠠᠮᠠᠭᠠᠢ ᠥᠷᠨᠢᠭᠦᠯᠵᠦ ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 34 ᠬᠤᠪᠢ ᠨᠡᠶᠢᠲᠡᠯᠡᠵᠦ ᠂ ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠡᠯ᠎ᠡ ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢ 1309 ᠬᠤᠪᠢ ᠨᠡᠶᠢᠲᠡᠯᠡᠪᠡ ᠃ ᠲᠠᠪᠤ ᠳᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠥᠬᠦ ᠲᠠᠯ᠎ᠠ ᠪᠠᠷ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 100% ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠤᠨ ᠰᠠᠭᠤᠯᠭᠠᠵᠤ᠂ ᠣᠯᠠᠨ ᠲᠦᠮᠡᠨ ᠤ ᠰᠠᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠡᠨᠡ ᠵᠢᠯ ᠤᠨ ᠲᠦᠷᠦᠭᠦᠸ ᠭᠤᠷᠪᠠᠨ ᠤᠯᠠᠷᠢᠯ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ 442 ᠲᠥᠷᠥᠯ ᠵᠦᠢᠯ ᠤᠨ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ 1315 ᠳ᠋ᠦᠩᠰᠢᠭᠤᠷ ᠲᠥᠭᠦᠷᠢᠭ ᠲᠤ ᠬᠥᠷᠪᠡ᠃ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠥᠪ ᠢ ᠪᠦᠲᠦᠭᠡᠨ ᠪᠠᠶᠢᠭᠤᠯᠵᠤ᠂ ᠪᠥᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠳᠤ ᠲᠠᠪᠴᠠᠩ  ᠪᠠᠶᠢᠭᠤᠯᠪᠠ᠃      ᠲᠠᠷᠠᠭᠠᠴᠢ ᠶᠢᠨ ᠠᠯᠬᠤᠮ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠨᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠤᠯᠢ ᠶᠣᠰᠣᠭᠠᠷ ᠣᠷᠣᠨ ᠢᠶᠠᠨ ᠵᠠᠰᠠᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠂ ᠬᠦᠴᠦᠯᠡᠨ ᠴᠢᠷᠮᠠᠶᠢᠵᠤ ᠂ ᠬᠠᠤᠯᠢ ᠲᠣᠭᠲᠠᠭᠠᠬᠤ ᠡᠭᠦᠷᠭᠡ ᠶᠢ ᠨᠠᠶᠢᠳᠠᠪᠤᠷᠢᠵᠢᠭᠤᠯᠬᠤ ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠳᠡᠭᠡᠷ᠎ᠡ ᠬᠦᠴᠦ ᠲᠠᠯᠪᠢᠵᠤ ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号