ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/9
      2023 ᠣᠨ ᠤ 11 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠤᠨ ᠲᠤᠬᠠᠢ ᠶᠡᠷᠦᠩᠬᠡᠢ ᠲᠠᠨᠢᠯᠴᠠᠭᠤᠯᠭ᠎ᠠ ᠬᠢᠭᠰᠡᠨ ᠪᠥᠭᠡᠳ︽ᠡᠪᠡᠰᠦᠨ ᠤ ᠢᠷᠡᠯᠲᠡ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ ︔ ︽ ᠦᠷ᠎ᠡ ᠶᠢᠨ ᠢᠷᠡᠯᠲᠡ ︾  ᠶᠢᠨ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ ᠂ ᠰᠠᠭᠠᠯᠢ ᠶᠢᠨ ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠴᠢᠩᠭᠠᠳᠬᠠᠬᠤ ︔ ︽ ᠰᠦᠨ ᠤ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠪᠠᠬᠢᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ︔ ᠴᠠᠭᠠᠨ ᠢᠳᠡᠭᠡᠨ ᠤ ᠡᠳ᠋ᠰᠢᠭᠦᠯᠦᠯᠲᠡ ᠶᠢ ᠰᠢᠯᠢᠳᠡᠭᠵᠢᠭᠦᠯᠦᠨ ᠴᠢᠩᠭᠠᠳᠬᠠᠵᠤ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ︔ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠬᠡᠷᠡᠭᠯᠡᠭᠡ ᠶᠢ ᠬᠥᠲᠥᠯᠥᠨ ᠵᠢᠯᠤᠭᠤᠳᠬᠤ ᠶᠢ ᠴᠢᠩᠭᠠᠷᠠᠭᠤᠯᠵᠤ᠂ ᠴᠠᠭᠠᠨ ᠢᠳᠡᠭᠡᠨ ᠤ ᠪᠣᠷᠤᠯᠠᠭᠤᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ ᠂ ᠴᠠᠭᠠᠨ ᠢᠳᠡᠭᠡᠨ ᠤ ᠶᠠᠰᠤ ᠴᠢᠨᠠᠷ ᠤᠨ ᠠᠶᠤᠯ ᠦᠭᠡᠢ ᠶᠢ ᠪᠠᠳᠤᠯᠠᠬᠤ ︔ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠵᠡᠷᠭᠡ ᠶᠢᠰᠦᠨ ᠲᠠᠯ᠎ᠠ ᠪᠠᠷ ᠪᠥᠬᠦ ᠣᠷᠣᠨ ᠤ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠶᠡᠷᠦᠩᠬᠡᠢ ᠪᠠᠶᠢᠳᠠᠯ ᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ  ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠣᠰ ᠲᠣᠰ ᠴᠠᠭᠠᠨ ᠢᠳᠡᠭᠡᠨ ᠤ ᠪᠣᠯᠪᠠᠰᠤᠷᠠᠭᠤᠯᠤᠯᠲᠠ ᠶᠢ ᠰᠢᠯᠢᠳᠡᠭᠵᠢᠭᠦᠯᠬᠦ ᠪᠠ ᠴᠢᠩᠭᠠᠳᠬᠠᠬᠤ᠂ ᠤᠯᠤᠰ ᠤᠨ ᠴᠠᠭᠠᠨ ᠢᠳᠡᠭᠡᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ᠂ ᠰᠠᠭᠠᠯᠢ ᠶᠢᠨ  ᠦᠨᠢᠶᠡᠨ ᠤ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠶᠢ ᠴᠢᠩᠭᠠᠳᠬᠠᠬᠤ᠂ ᠡᠳ᠋ ᠤᠨ ᠬᠦᠴᠦᠨ ᠤ ᠪᠠᠲᠤᠯᠠᠭ᠎ᠠ ᠶᠢ ᠰᠠᠶᠢᠲᠤᠷ ᠬᠢᠬᠦ ᠵᠡᠷᠭᠡ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号