ᠥᠪᠡᠷᠲᠡᠭᠡᠨ ᠵᠠᠰᠠᠬᠤ ᠣᠷᠣᠨ ᠤ ︽ᠪᠥᠬᠦ ᠲᠠᠯ᠎ᠠ ᠪᠠᠷ ᠳᠡᠯᠭᠡᠷᠡᠭᠦᠯᠬᠦ ᠂ ᠪᠥᠬᠦ ᠰᠢᠶᠠᠨ ᠢᠶᠠᠷ ᠨᠢ ᠠᠬᠢᠭᠤᠯᠬᠤ︾ | ᠵᠠᠷᠴᠢᠮ ᠶᠣᠰᠣᠭᠠᠷ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤ᠂ ᠣᠩᠨᠢᠭᠤᠳ ᠬᠤᠰᠢᠭᠤ᠂ ᠪᠠᠭᠠᠷᠢᠨ ᠵᠡᠭᠦᠨ | ᠬᠤᠰᠢᠭᠤ᠂ ᠯᠢᠨᠰᠢ ᠰᠢᠶᠠᠨ ᠪᠣᠯᠣᠨ ᠠᠷᠤ ᠬᠤᠷᠴᠢᠨ ᠬᠤᠰᠢᠭᠤ 2023 ᠣᠨ ᠤ ᠭᠤᠷᠪᠠᠳᠤᠭᠠᠷ ᠤᠳᠠᠭᠠᠨ ᠤ ᠪᠥᠬᠦ | ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠤᠰᠢᠭᠤ ᠰᠢᠶᠠᠨ ᠢᠶᠠᠷ ᠰᠣᠩᠭᠤᠭᠳᠠᠵᠤ᠂ | ᠤᠯᠤᠰ ᠤᠨ ᠭᠤᠷᠪᠠᠳᠤᠭᠠᠷ ᠤᠳᠠᠭᠠᠨ ᠤ ᠨᠡᠶᠢᠳᠡᠮ ᠤᠨ ᠪᠠᠶᠢᠴᠠᠭᠠᠯᠲᠠ ᠶᠢᠨ ᠠᠯᠪᠠᠨ ᠭᠡᠷ ᠠᠴᠠ ᠤᠯᠠᠭᠠᠨᠬᠠᠳᠠ | ᠬᠤᠲᠠ ᠶᠢᠨ ᠭᠠᠳᠠᠨᠠᠬᠢ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠴᠡᠭ ᠢ ᠨᠡᠶᠢᠲᠡ 18052 ᠪᠠᠭᠤᠯᠭᠠᠪᠠ᠂ | ᠡᠭᠦᠨ ᠳᠤ ᠲᠠᠷᠢᠶᠠᠯᠠᠬᠤ ᠬᠦᠷᠢᠶᠡᠯᠡᠩ ᠤᠨ ᠥᠯᠢᠭᠡᠷ ᠡᠳ᠋ ᠠᠪᠬᠤ ᠡᠭᠦᠷᠭᠡ 16468᠂ ᠣᠶ ᠰᠢᠭᠤᠢ ᠡᠪᠡᠰᠦᠲᠦ | ᠭᠠᠵᠠᠷ ᠤᠨ ᠥᠯᠢᠭᠡᠷ ᠡᠳ᠋ ᠠᠪᠬᠤ ᠡᠭᠦᠷᠭᠡ 1359᠂ ᠣᠭᠲᠣᠯᠣᠭᠠᠰᠤ ᠶᠢᠨ ᠥᠯᠢᠭᠡᠷ ᠡᠳ᠋ ᠠᠪᠬᠤ ᠡᠭᠦᠷᠭᠡ | 225 ᠪᠣᠶ᠃ | | | | | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠠᠭᠤᠨ ᠡᠳᠦᠷ ᠤᠨ ᠪᠣᠭᠤᠮᠲᠠ ᠰᠢᠪᠲᠤᠯᠤᠯᠲᠠ︾ | ᠶᠢᠨ ᠠᠵᠢᠯᠯᠠᠭ᠎ᠠ ᠶᠢᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠲᠠ ᠶᠢᠨ ᠭᠤᠷᠪᠠᠳᠤᠭᠠᠷ ᠤᠳᠠᠭᠠᠨ ᠤ | ᠨᠡᠶᠢᠳᠡᠮ ᠤᠨ ᠪᠠᠶᠢᠴᠠᠭᠠᠯᠲᠠ ᠶᠢᠨ ᠭᠠᠳᠠᠨᠠᠬᠢ ᠶᠢᠨ ᠦᠯᠢᠭᠡᠷ ᠡᠳ᠋ ᠠᠪᠬᠤ ᠳᠠᠶᠢᠴᠢᠯᠠᠯᠲᠠ ᠶᠢᠨ ᠶᠡᠭᠡ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠳᠦᠷ ᠲᠤ ᠮᠡᠳᠡᠭᠦᠯᠦᠨ ᠳᠠᠩᠰᠠᠯᠠᠭᠤᠯᠬᠤ ᠳᠦᠷᠢᠮ ᠢ ᠪᠠᠶᠢᠭᠤᠯᠵᠤ᠂ ᠴᠠᠭ | ᠲᠤᠬᠠᠢ ᠳᠤᠨᠢ ᠡᠯ᠎ᠡ ᠬᠤᠰᠢᠭᠤ ᠰᠢᠶᠠᠨ ᠢ ᠱᠠᠭᠠᠷᠳᠠᠵᠤ ᠪᠠᠶᠢᠭᠠᠳ ᠨᠠᠮᠤᠷ ᠤᠨ ᠬᠤᠷᠢᠶᠠᠯᠲᠠ ᠶᠢᠨ ᠳᠠᠷᠠᠭᠠᠬᠢ ᠥᠯᠢᠭᠡᠷ | ᠡᠳ᠋ ᠠᠪᠬᠤ ᠴᠣᠩᠬᠤ ᠶᠢᠨ ᠬᠤᠭᠤᠴᠠᠭ᠎ᠠ ᠶᠢ ᠭᠦᠢᠴᠡᠳ ᠠᠰᠢᠭᠯᠠᠨ ᠥᠯᠢᠭᠡᠷ ᠡᠳ᠋ ᠠᠪᠬᠤ ᠠᠵᠢᠯ ᠬᠢᠯᠭᠡᠵᠦ᠂ | ᠨᠢᠭᠡᠳᠦᠯᠲᠡᠢ ᠲᠣᠬᠢᠷᠠᠭᠤᠯᠵᠤ ᠂ ᠬᠤᠲᠠ ᠶᠢᠨ ᠱᠠᠲᠤᠨ ᠤ ᠮᠡᠷᠭᠡᠵᠢᠯᠲᠡᠨ ᠢ ᠲᠣᠬᠢᠷᠠᠭᠤᠯᠤᠨ ᠥᠯᠢᠭᠡᠷ ᠡᠳ᠋ ᠠᠪᠬᠤ | ᠠᠩᠭᠢ ᠪᠠᠶᠢᠭᠤᠯᠵᠤ ᠬᠤᠰᠢᠭᠤ ᠰᠢᠶᠠᠨ ᠳᠤ ᠬᠦᠷᠴᠦ ᠥᠯᠢᠭᠡᠷ ᠡᠳ᠋ ᠠᠪᠬᠤ ᠵᠡᠷᠭᠡ ᠠᠷᠭ᠎ᠠ ᠬᠡᠯᠪᠡᠷᠢ ᠪᠠᠷ | ᠶᠠᠪᠤᠭᠳᠠᠭᠤᠯᠪᠠ᠃ 11 ᠰᠠᠷ᠎ᠠ ᠶᠢᠨ 29 ᠤ ᠡᠳᠦᠷ ᠪᠤᠯᠳᠠᠯᠠᠬᠢ 1 ᠰᠠᠷ᠎ᠠ ᠶᠢᠨ ᠬᠤᠭᠤᠴᠠᠭ᠎ᠠ ᠳᠤ ᠂ 5 ᠬᠤᠰᠢᠭᠤ | ᠰᠢᠶᠠᠨ ᠤ ᠭᠠᠳᠠᠨᠠᠬᠢ ᠪᠠᠶᠢᠴᠠᠭᠠᠯᠲᠠ ᠶᠢᠨ ᠥᠯᠢᠭᠡᠷ ᠡᠳ᠋ ᠠᠪᠬᠤ ᠡᠭᠦᠷᠭᠡ ᠶᠢ ᠪᠦᠬᠦᠨ ᠢ ᠪᠡᠶᠡᠯᠡᠭᠦᠯᠵᠡᠢ ᠃ | | | | | | | | | ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠤᠳᠠᠭᠠᠨ ᠤ ᠨᠡᠶᠢᠳᠡᠮ ᠤᠨ | ᠪᠠᠶᠢᠴᠠᠭᠠᠯᠲᠠ ᠶᠢᠨ ᠠᠯᠪᠠᠨ ᠭᠡᠷ ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭᠠᠷ᠂ ᠴᠤᠭᠯᠠᠭᠤᠯᠤᠭᠰᠠᠨ ᠬᠥᠷᠥᠰᠥ | ᠰᠢᠷᠣᠢ ᠶᠢᠨ ᠥᠯᠢᠭᠡᠷ ᠡᠳ᠋ ᠢ ᠴᠠᠭ ᠲᠤᠬᠠᠢ ᠳᠤᠨᠢ ᠬᠠᠳᠠᠭᠠᠵᠤ ᠰᠢᠢᠳᠪᠦᠷᠢᠯᠡᠨ᠂ ᠥᠯᠢᠭᠡᠷ ᠡᠳ᠋ ᠢ ᠡᠷᠭᠢᠯᠲᠡ ᠳᠤ | ᠣᠷᠣᠭᠤᠯᠬᠤ ᠪᠡᠯᠡᠳᠬᠡᠯ ᠠᠵᠢᠯ ᠢ ᠰᠠᠶᠢᠲᠤᠷ ᠬᠢᠨ᠎ᠡ᠃ ︽ᠵᠠᠭᠤᠨ ᠡᠳᠦᠷ ᠤᠨ ᠪᠣᠭᠤᠮᠲᠠ ᠰᠢᠪᠲᠤᠯᠤᠯᠲᠠ︾ ᠶᠢᠨ | ᠠᠵᠢᠯᠯᠠᠭ᠎ᠠ ᠶᠢᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ | ᠡᠯ᠎ᠡ ᠵᠦᠢᠯ ᠤᠨ ᠠᠵᠢᠯ ᠤᠨ ᠥᠷᠨᠢᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠭᠤᠷᠪᠠᠳᠤᠭᠠᠷ | ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠥᠷᠥᠰᠥ ᠰᠢᠷᠣᠢ ᠶᠢᠨ ᠪᠥᠬᠦ ᠲᠠᠯ᠎ᠠ ᠶᠢᠨ ᠪᠡᠶ᠎ᠡ ᠶᠢᠨ | ᠪᠠᠶᠢᠴᠠᠭᠠᠯᠲᠠ᠂ ᠪᠥᠬᠦ ᠬᠤᠲᠠ ᠶᠢᠨ ᠬᠥᠷᠥᠰᠥ ᠰᠢᠷᠣᠢ ᠶᠢᠨ ᠶᠠᠰᠤ ᠴᠢᠨᠠᠷ ᠤᠨ ᠪᠠᠶᠢᠳᠠᠯ ᠢ ᠣᠶᠢᠯᠠᠭᠠᠬᠤ ᠳᠤ ᠪᠠᠲᠤ | ᠪᠠᠬᠢ ᠰᠠᠭᠤᠷᠢ ᠲᠠᠯᠪᠢᠵᠤ ᠦᠭᠭᠦᠨ᠎ᠡ᠃ | |