ᠮᠠᠨ ᠤ ᠤᠯᠤᠰ ᠤᠨ ᠲᠡᠷᠢᠭᠦᠨ ᠵᠡᠷᠭᠡ ᠶᠢᠨ ᠬᠤᠸᠠᠰᠢ ᠦᠬᠡᠷ ᠤᠨ ᠰᠢᠨ᠎ᠡ ᠡᠭᠦᠯᠳᠡᠷ ᠢ ᠦᠷᠡᠵᠢᠭᠦᠯᠦᠨ ᠳᠡᠯᠭᠡᠷᠡᠭᠦᠯᠬᠦ ᠪᠠ ᠬᠠᠩᠭᠠᠯᠭ᠎ᠠ ᠶᠢᠨ ᠰᠠᠭᠤᠷᠢᠨ ᠢ ᠪᠠᠶᠢᠭᠤᠯᠬᠤ ᠪᠠᠷ ᠬᠦᠴᠦᠯᠡᠵᠦ ᠪᠤᠢ
ᠨᠡᠶᠢᠲᠡᠯᠡᠭᠰᠡᠨ ᠴᠠᠭ᠄
2023/12/1
      ᠰᠤᠷᠪᠤᠯᠵᠢᠯᠠᠬᠴᠢ ᠣᠶᠢᠷ᠎ᠠ ᠳᠤ ᠬᠤᠷᠠᠯᠳᠤᠭᠰᠠᠨ ᠰᠢᠯᠢ ᠶᠢᠨ ᠭᠤᠣᠯ ᠠᠶᠢᠮᠠᠭ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠰᠢᠯᠢ ᠶᠢᠨ ᠭᠤᠣᠯ ᠠᠶᠢᠮᠠᠭ ᠤᠨ ᠬᠤᠸᠠᠰᠢ ᠦᠬᠡᠷ 1.5 ᠲᠦᠮᠡ ᠭᠠᠷᠤᠢ ᠲᠣᠯᠣᠭᠠᠢ ᠪᠠᠶᠢᠵᠤ᠂ 26 ᠭᠤᠣᠯᠳᠠᠯᠭᠠᠲᠤ ᠰᠦᠷᠦᠭ ᠪᠣᠯᠵᠤ᠂ ᠭᠤᠣᠯᠳᠠᠯᠭᠠᠲᠤ ᠰᠦᠷᠦᠭ ᠤᠨ ᠬᠡᠪᠴᠢᠶ᠎ᠡ ᠨᠢ ᠪᠦᠭᠦ ᠤᠯᠤᠰ ᠤᠨ ᠶᠡᠷᠦᠩᠬᠡᠢ ᠬᠡᠮᠵᠢᠶᠡᠨ ᠤ 64% ᠠᠴᠠ ᠳᠡᠭᠡᠭᠰᠢᠬᠢ ᠶᠢ ᠡᠵᠡᠯᠡᠵᠦ᠂ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠬᠤᠸᠠᠰᠢ ᠦᠬᠡᠷ ᠤᠨ ᠡᠭᠦᠯᠳᠡᠷ ᠪᠣᠶᠢᠵᠢᠭᠤᠯᠬᠤ ᠰᠠᠭᠤᠷᠢᠨ ᠪᠣᠯᠵᠠᠢ᠃      2021 ᠣᠨ ᠤ 12 ᠰᠠᠷ᠎ᠠ ᠳᠤ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠤᠨ ᠬᠢᠨᠠᠨ ᠲᠣᠭᠲᠠᠭᠠᠯᠲᠠ ᠪᠠᠷ ᠳᠡᠮᠵᠢᠨ᠂ ︽ᠬᠤᠸᠠᠰᠢ ᠦᠬᠡᠷ︾ᠤᠯᠤᠰ ᠤᠨ ᠮᠠᠯ ᠵᠢᠭᠦᠷᠲᠡᠨ ᠤ ᠰᠢᠨ᠎ᠡ ᠡᠭᠦᠯᠳᠡᠷ ᠤᠨ ᠦᠨᠡᠮᠯᠡᠯ ᠢ ᠣᠯᠪᠠ᠃ ᠡᠭᠦᠨ ᠠᠴᠠ ᠡᠬᠢᠯᠡᠨ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠪᠣᠶᠢᠵᠢᠭᠤᠯᠤᠭᠰᠠᠨ ᠤᠳᠤᠮᠯᠠᠯ ᠤᠨ ᠴᠢᠳᠠᠮᠵᠢ ᠨᠢ ᠲᠣᠭᠲᠠᠭᠤᠨ᠂ ᠦᠷᠡᠵᠢᠨ ᠲᠥᠯᠵᠢᠬᠦ ᠳᠡᠭᠡᠨ ᠰᠠᠶᠢᠨ᠂ ᠠᠵᠤ ᠦᠢᠯᠡᠰ ᠤᠨ ᠬᠥᠭᠵᠢᠯᠲᠡ ᠪᠠ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠭᠰᠡᠨ ᠮᠢᠬᠠᠨ ᠤ ᠦᠬᠡᠷ ᠤᠨ ᠰᠢᠨ᠎ᠡ ᠡᠭᠦᠯᠳᠡᠷ ᠪᠤᠯᠬᠤ ᠬᠤᠸᠠᠰᠢ ᠦᠬᠡᠷ ᠰᠢᠯᠢ ᠶᠢᠨ ᠭᠤᠣᠯ ᠤᠨ ᠲᠠᠯ᠎ᠠ ᠨᠤᠲᠤᠭ ᠲᠤ ᠦᠷᠡᠵᠢᠵᠦ ᠡᠬᠢᠯᠡᠵᠡᠢ᠃      ᠬᠤᠸᠠᠰᠢ ᠦᠬᠡᠷ ᠭᠡᠬᠦ ᠰᠢᠨ᠎ᠡ ᠡᠭᠦᠯᠳᠡᠷ ᠢ ᠪᠣᠶᠢᠵᠢᠭᠤᠯᠤᠭᠰᠠᠨ ᠨᠢ ᠮᠠᠨ ᠤ ᠤᠯᠤᠰ ᠤᠨ ᠮᠢᠬᠠᠨ ᠤ ᠦᠬᠡᠷ ᠤᠨ ᠭᠤᠣᠯ ᠡᠭᠦᠯᠳᠡᠷ ᠤᠨ ᠢᠷᠡᠯᠲᠡ ᠶᠢ ᠪᠡᠶ᠎ᠡ ᠪᠠᠨ ᠳᠠᠭᠠᠭᠠᠨ ᠡᠵᠡᠮᠳᠡᠬᠦ ᠶᠢ ᠪᠡᠶᠡᠯᠡᠭᠦᠯᠵᠦ᠂ ᠣᠷᠳᠣ ᠬᠤᠭᠤᠴᠠᠭ᠎ᠠ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠵᠦ ᠪᠠᠶᠢᠭᠰᠠᠨ ︽ᠪᠣᠭᠤᠮᠢ︾ ᠶᠢ ᠡᠪᠳᠡᠪᠡ᠃ ᠰᠢᠯᠢ ᠶᠢᠨ ᠭᠤᠣᠯ ᠠᠶᠢᠮᠠᠭ ᠬᠤᠸᠠᠰᠢ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ︽ᠰᠢᠯᠢ ᠶᠢᠨ ᠭᠤᠣᠯ ᠠᠶᠢᠮᠠᠭ ᠤᠨ ᠬᠤᠸᠠᠰᠢ ᠦᠬᠡᠷ ᠤᠨ ᠠᠵᠤ ᠦᠢᠯᠡᠰ ᠤᠨ ᠳᠠᠪᠠᠭᠤᠯᠢᠭ ᠢ ᠪᠦᠷᠢᠯᠳᠦᠭᠦᠯᠬᠦ ᠶᠢ ᠲᠦᠷᠭᠡᠳᠬᠡᠬᠦ ᠲᠤᠬᠠᠢ ᠠᠵᠢᠯ ᠤᠨ ᠠᠷᠭ᠎ᠠ ︵2023-2025 ᠣᠨ︶︾ ᠶᠢ ᠨᠡᠶᠢᠲᠡᠯᠡᠵᠦ᠂ ᠡᠭᠦᠯᠳᠡᠷ ᠪᠣᠶᠢᠵᠢᠭᠤᠯᠬᠤ ᠰᠦᠷᠦᠭ ᠤᠨ ᠬᠡᠪᠴᠢᠶ᠎ᠡ ᠶᠢ ᠥᠷᠭᠡᠳᠬᠡᠬᠦ᠂ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠪᠠᠶᠢᠭᠤᠯᠬᠤ᠂ ᠠᠵᠤ ᠦᠢᠯᠡᠰ ᠤᠨ ᠬᠡᠯᠬᠢᠶ᠎ᠡ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ᠂ ᠪᠤᠬ᠎ᠠ ᠶᠢᠨ ᠥᠷᠲᠡᠭᠡ ᠪᠠᠶᠢᠭᠤᠯᠬᠤ᠂ ᠡᠭᠦᠯᠳᠡᠷ ᠪᠣᠶᠢᠵᠢᠭᠤᠯᠬᠤ ᠮᠡᠷᠭᠡᠵᠢᠯ ᠢ ᠳᠡᠯᠭᠡᠷᠡᠭᠦᠯᠬᠦ ᠵᠡᠷᠭᠡ 5 ᠲᠠᠯ᠎ᠠ ᠪᠠᠷ ᠪᠣᠳᠠᠲᠠᠢ ᠠᠷᠭ᠎ᠠ ᠬᠡᠮᠵᠢᠶ᠎ᠡ ᠠᠪᠴᠤ᠂ ᠬᠤᠸᠠᠰᠢ ᠦᠬᠡᠷ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠶᠢᠨ ᠢᠷᠡᠯᠲᠡ ᠶᠢᠨ ᠳᠠᠪᠠᠭᠤᠯᠢᠭ ᠢ ᠪᠤᠶ ᠪᠤᠯᠭᠠᠬᠤ ᠶᠢ ᠲᠦᠷᠭᠡᠳᠬᠡᠵᠡᠢ᠃ ᠡᠭᠦᠨ ᠤ ᠬᠠᠮᠲᠤ᠂ 3575 ᠲᠦᠮᠡᠨ ᠲᠥᠭᠦᠷᠢᠭ ᠤᠨ ᠪᠡᠯᠡ ᠮᠥᠩᠭᠦ ᠶᠢ ᠨᠡᠶᠢᠳᠬᠡᠵᠦ᠂︽ᠰᠢᠯᠢ ᠶᠢᠨ ᠭᠤᠣᠯ ᠠᠶᠢᠮᠠᠭ ᠤᠨ ᠬᠤᠸᠠᠰᠢ ᠦᠬᠡᠷ ᠤᠨ ᠡᠭᠦᠯᠳᠡᠷ ᠤᠨ ᠢᠷᠡᠯᠲᠡ ᠶᠢᠨ ᠰᠠᠭᠤᠷᠢᠨ ᠢ ᠪᠦᠲᠦᠭᠡᠨ ᠪᠠᠶᠢᠭᠤᠯᠬᠤ ᠲᠥᠰᠥᠯ︾ ᠢ ᠬᠡᠷᠡᠭᠵᠢᠭᠦᠯᠬᠦ ᠶᠢ ᠳᠡᠮᠵᠢᠵᠡᠢ᠃      ᠬᠤᠸᠠᠰᠢ ᠦᠬᠡᠷ ᠤᠨ ᠠᠵᠤ ᠠᠬᠤᠢ ᠶᠢᠨ ᠥᠷᠲᠡᠭ ᠮᠠᠰᠢ ᠥᠨᠳᠥᠷ ᠪᠠᠶᠢᠳᠠᠭ᠃ ᠡᠨᠡ ᠵᠢᠯ ᠤᠨ 7 ᠰᠠᠷ᠎ᠠ ᠳᠤ ᠰᠢᠯᠢ ᠶᠢᠨ ᠭᠤᠣᠯ ᠠᠶᠢᠮᠠᠭ ᠤᠨ ᠤᠯᠠᠭᠠᠢ ᠬᠠᠮᠢᠶᠠᠷᠤᠯᠲᠠ ᠶᠢᠨ ᠣᠷᠣᠨ ᠠᠴᠠ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠰᠠᠶᠢᠨ ᠡᠭᠦᠯᠳᠡᠷ ᠤᠨ ᠪᠤᠬ᠎ᠠ ᠶᠢ ᠦᠨ᠎ᠡ ᠬᠠᠶᠠᠨ ᠬᠤᠳᠠᠯᠳᠤᠬᠤ ᠬᠤᠷᠠᠯ ᠳᠡᠭᠡᠷ᠎ᠡ ᠶᠦᠨᠨᠠᠨ ᠮᠤᠵᠢ ᠶᠢᠨ ᠦᠷ᠎ᠡ ᠶᠢᠨ ᠮᠠᠯ ᠢ ᠦᠷᠡᠵᠢᠭᠦᠯᠦᠨ ᠳᠡᠯᠭᠡᠷᠡᠭᠦᠯᠬᠦ ᠲᠥᠪ ᠠᠴᠠ ᠢᠷᠡᠭᠰᠡᠨ ᠬᠤᠸᠠᠰᠢ ᠡᠭᠦᠯᠳᠡᠷ ᠤᠨ 1 ᠪᠤᠬ᠎ᠠ ᠶᠢ 66 ᠲᠦᠮᠡᠨ ᠲᠥᠭᠦᠷᠢᠭ ᠤᠨ ᠥᠨᠳᠥᠷ ᠦᠨ᠎ᠡ ᠪᠠᠷ ᠬᠤᠳᠠᠯᠳᠤᠪᠠ᠂ ᠲᠣᠰ ᠡᠳᠦᠷ᠂ ᠪᠦᠭᠦ ᠤᠯᠤᠰ ᠤᠨ ᠡᠯ᠎ᠡ ᠭᠠᠵᠠᠷ ᠠᠴᠠ ᠰᠣᠩᠭᠤᠨ ᠬᠦᠷᠭᠡᠭᠰᠡᠨ 40 ᠬᠤᠸᠠᠰᠢ ᠦᠬᠡᠷ ᠢ ᠨᠡᠶᠢᠲᠡ 725 ᠲᠦᠮᠡᠨ ᠲᠥᠭᠦᠷᠢᠭ ᠤᠨ ᠦᠨ᠎ᠡ ᠪᠠᠷ ᠬᠤᠳᠠᠯᠳᠤᠵᠤ᠂ ᠳᠤᠮᠳᠠᠴᠢ ᠪᠠᠷ 18 ᠲᠦᠮᠡᠨ ᠲᠥᠭᠦᠷᠢᠭ ᠠᠴᠠ ᠳᠡᠭᠡᠭᠰᠢ ᠦᠨ᠎ᠡ ᠳᠠᠭᠠᠭᠠᠵᠠᠢ᠃ ᠡᠶᠢᠨ ᠬᠦ ᠰᠢᠯᠢ ᠶᠢᠨ ᠭᠤᠣᠯ ᠠᠶᠢᠮᠠᠭ ᠰᠢᠨ᠎ᠡ ᠡᠭᠦᠯᠳᠡᠷ ᠪᠣᠶᠢᠵᠢᠭᠤᠯᠬᠤ ᠶᠢ ᠲᠦᠷᠭᠡᠳᠬᠡᠵᠦ᠂ ᠬᠠᠮᠲᠤᠷᠠᠨ ᠰᠣᠩᠭᠤᠨ ᠪᠣᠶᠢᠵᠢᠭᠤᠯᠵᠤ ᠳᠡᠯᠭᠡᠷᠡᠭᠦᠯᠬᠦ ᠪᠠ ᠵᠢᠱᠢᠶ᠎ᠡ ᠦᠵᠡᠭᠦᠯᠦᠨ ᠳᠠᠶᠢᠴᠢᠯᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠥᠷᠥᠯ ᠵᠦᠢᠯ ᠳᠤ ᠠᠷᠠᠯᠵᠢᠶᠠᠴᠢᠨ ᠤᠷᠢᠬᠤ ᠪᠠ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠢ ᠥᠷᠭᠡᠳᠬᠡᠬᠦ ᠶᠢ ᠠᠬᠢᠭᠤᠯᠵᠤ᠂︽ᠭᠤᠣᠯᠳᠠᠯᠭᠠᠲᠤ ᠡᠭᠦᠯᠳᠡᠷ ᠪᠣᠶᠢᠵᠢᠭᠤᠯᠬᠤ ᠲᠠᠯᠠᠪᠠᠶ + ᠪᠤᠬ᠎ᠠ ᠶᠢᠨ ᠲᠠᠯᠠᠪᠠᠶ + ᠭᠤᠣᠯᠳᠠᠯᠭᠠᠲᠤ ᠰᠦᠷᠦᠭ + ᠥᠷᠭᠡᠳᠬᠡᠨ ᠦᠷᠡᠵᠢᠭᠦᠯᠬᠦ ᠰᠦᠷᠦᠭ︾ ᠭᠡᠬᠦ ᠳᠥᠷᠪᠡᠨ ᠱᠠᠲᠤᠨ ᠤ ᠰᠠᠶᠢᠨ ᠡᠭᠦᠯᠳᠡᠷ ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠤᠯᠤᠰ ᠤᠨ ᠳᠣᠲᠣᠭᠠᠳᠤ ᠶᠢᠨ ᠲᠡᠷᠢᠭᠦᠨ ᠵᠡᠷᠭᠡ ᠶᠢᠨ ᠬᠤᠸᠠᠰᠢ ᠦᠬᠡᠷ ᠤᠨ ᠰᠢᠨ᠎ᠡ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠ ᠬᠠᠩᠭᠠᠯᠭ᠎ᠠ ᠶᠢᠨ ᠰᠠᠭᠤᠷᠢᠨ ᠢ ᠪᠠᠶᠢᠭᠤᠯᠬᠤ ᠪᠠᠷ ᠬᠦᠴᠦᠯᠡᠵᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号