ᠬᠤᠯᠪᠣᠭᠳᠠᠯ ᠪᠦᠬᠦᠢ ᠨᠢᠭᠡᠴᠢ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠥᠯᠢ︾ ᠪᠣᠯᠤᠨ ︽ᠭᠤᠥᠯ | ᠪᠣᠯᠬᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠡᠳᠦᠭᠡ 2024 ᠣᠨ ᠤ ᠮᠠᠨ ᠤ ᠣᠷᠣᠨ ᠤ ᠭᠤᠥᠯ ᠪᠣᠯᠬᠤ ᠲᠠᠷᠢᠮᠠᠯ ᠤᠨ ᠡᠭᠦᠯᠳᠡᠷ ᠢ ᠬᠢᠨᠠᠨ | ᠲᠣᠭᠲᠠᠭᠠᠵᠤ ᠲᠤᠷᠰᠢᠯᠲᠠ ᠳᠤ ᠣᠷᠣᠯᠴᠠᠬᠤ ᠬᠤᠯᠪᠣᠭᠳᠠᠯ ᠪᠥᠬᠦᠶ ᠤᠴᠢᠷ ᠢ ᠳᠣᠥᠷᠠᠬᠢ ᠮᠡᠲᠦ ᠮᠡᠳᠡᠭᠳᠡᠶ᠎ᠡ ᠃ | ᠨᠢᠭᠡ ᠂ ᠲᠠᠷᠢᠮᠠᠯ ᠤᠨ ᠲᠦᠷᠦᠯ ᠵᠦᠢᠯ | ᠡᠷᠳᠡᠨᠢ ᠰᠢᠰᠢ ᠂ ᠪᠤᠭᠤᠳᠠᠢ ᠂ ᠤᠰᠤᠨ ᠲᠤᠲᠤᠷᠭ᠎ᠠ ᠂ ᠰᠢᠷ᠎ᠠ ᠪᠤᠷᠴᠠᠭ | ᠬᠤᠶᠠᠷ᠂ ᠲᠤᠷᠰᠢᠯᠲᠠ ᠳᠤ ᠣᠷᠣᠯᠴᠠᠬᠤ ᠲᠥᠷᠥᠯ ᠵᠦᠶᠯ ᠤᠨ ᠨᠥᠬᠦᠴᠡᠯ | 1.ᠬᠥᠮᠦᠨ ᠤ ᠬᠦᠴᠦ ᠪᠠᠷ ᠰᠣᠩᠭᠤᠨ ᠪᠤᠶᠢᠵᠢᠭᠤᠯᠬᠤ ᠪᠤᠶᠤ ᠢᠯᠡᠷᠡᠭᠦᠯᠬᠦ ᠶᠢᠨ ᠬᠠᠮᠲᠤ ᠥᠭᠡᠷᠡᠴᠢᠯᠡᠨ | ᠰᠠᠶᠢᠵᠢᠷᠠᠭᠤᠯᠤᠭᠰᠠᠨ ︔ ᠣᠳᠣ ᠶᠢᠨ ᠪᠠᠶᠢᠭ᠎ᠠ ᠲᠥᠷᠥᠯ ᠵᠦᠢᠯ ᠲᠠᠢ ᠢᠯᠡᠷᠬᠡᠶ ᠢᠯᠭᠠᠭ᠎ᠠ ᠲᠠᠢ ︔ ᠬᠡᠯᠪᠡᠷᠢ | ᠳᠦᠷᠰᠦ ᠶᠢᠨ ᠣᠨᠴᠠᠯᠢᠭ ᠪᠠ ᠠᠮᠢᠳᠤ ᠪᠣᠳᠠᠰ ᠤᠨ ᠤᠬᠠᠭᠠᠨ ᠤ ᠣᠨᠴᠠᠯᠢᠭ ᠨᠢ ᠨᠢᠭᠡᠳᠦᠯᠲᠡᠶ ︔ ᠤᠳᠤᠮᠰᠢᠯ ᠤᠨ | ᠰᠢᠨᠵᠢ ᠪᠠᠶᠢᠳᠠᠯ ᠲᠣᠭᠲᠠᠭᠤᠨ᠃ | 2.ᠡᠭᠦᠯᠳᠡᠷ ᠤᠨ ᠨᠡᠷᠡᠶᠢᠳᠦᠯ ᠨᠢ ︽ ᠲᠠᠷᠢᠶᠠᠯᠠᠩ ᠤᠨ ᠤᠷᠭᠤᠮᠠᠯ ᠤᠨ ᠡᠭᠦᠯᠳᠡᠷ ᠢ ᠨᠡᠷᠡᠶᠢᠳᠬᠦ ᠲᠣᠭᠲᠠᠭᠠᠯ ︾ | ︵ ᠲᠠᠷᠢᠶᠠᠯᠠᠩ ᠤᠨ ᠶᠠᠮᠤᠨ ᠤ ᠵᠠᠷᠯᠢᠭ 2012 ᠣᠨ ᠤ 2 ᠳ᠋ᠤᠭᠠᠷ ᠲᠣᠭᠠᠲᠤ ︶ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ ᠃ | 3.ᠮᠠᠨ ᠤ ᠣᠷᠣᠨ ᠳᠤ ᠠᠳᠠᠯᠢ ᠨᠢᠭᠡ ᠠᠮᠢ ᠠᠬᠤᠶ ᠶᠢᠨ ᠲᠥᠷᠥᠯ ᠬᠡᠯᠪᠡᠷᠢ ᠶᠢᠨ ᠣᠷᠣᠨ ᠳᠤ 2 ᠵᠢᠯ ᠠᠴᠠ | ᠳᠡᠭᠡᠭᠰᠢ ᠪᠣᠯᠤᠭᠰᠠᠨ ᠮᠥᠷᠲᠡᠭᠡᠨ ᠵᠢᠯ ᠪᠦᠷᠢ 5 ᠴᠡᠭ ᠠᠴᠠ ᠳᠤᠲᠠᠭᠤ ᠥᠭᠡᠢ ᠲᠤᠷᠰᠢᠯᠲᠠ ᠶᠢᠨ ᠲᠥᠷᠥᠯ ᠵᠦᠢᠯ ᠤᠨ | ᠬᠠᠷᠢᠴᠠᠭᠤᠯᠤᠭᠰᠠᠨ ᠲᠤᠷᠰᠢᠯᠲᠠ ᠶᠢ ᠨᠢᠭᠡᠨᠲᠡ ᠪᠡᠶᠡᠯᠡᠭᠦᠯᠵᠦ ᠂ ᠲᠤᠷᠰᠢᠯᠲᠠ ᠶᠢᠨ ᠴᠡᠭ ᠨᠢ ᠠᠮᠢ ᠠᠬᠤᠶ ᠶᠢᠨ | ᠲᠥᠷᠥᠯ ᠬᠡᠯᠪᠡᠷᠢ ᠶᠢᠨ ᠲᠥᠯᠥᠭᠡᠯᠡᠬᠦ ᠴᠢᠨᠠᠷᠲᠠᠶ ᠂ ᠵᠢᠭᠳᠡ ᠪᠠᠷ ᠲᠠᠷᠬᠠᠭᠰᠠᠨ ᠮᠥᠷᠲᠡᠭᠡᠨ ᠠᠳᠠᠯᠢ ᠨᠢᠭᠡ ᠰᠢᠶᠠᠨ ᠤ | ᠱᠠᠲᠤᠨ ᠤ ᠵᠠᠰᠠᠭ ᠵᠠᠬᠢᠷᠭᠠᠨ ᠤ ᠣᠷᠣᠨ ᠳᠤ ᠪᠠᠶᠢᠬᠤ ᠥᠭᠡᠢ ᠪᠠᠶᠢᠬᠤ ᠬᠡᠷᠡᠭᠲᠡᠶ ᠃ | 4.ᠦᠷ᠎ᠡ ᠶᠢᠨ ᠲᠤᠭ᠎ᠠ ᠬᠡᠮᠵᠢᠶ᠎ᠡ ᠨᠢ ᠡᠭᠦᠯᠳᠡᠷ ᠤᠨ ᠲᠤᠷᠰᠢᠯᠲᠠ ︵ᠲᠤᠷᠰᠢᠯᠲᠠ ᠳᠤ ᠬᠡᠷᠡᠭᠯᠡᠬᠦ ᠦᠷ᠎ᠡ ᠶᠢᠨ | ᠬᠡᠮᠵᠢᠶ᠎ᠡ ᠶᠢ ᠬᠡᠷᠡᠭᠵᠢᠭᠦᠯᠬᠦ ᠲᠥᠰᠦᠯ ᠢᠶᠠᠷ ᠪᠠᠷᠢᠮᠵᠢᠶ᠎ᠠ ᠪᠣᠯᠭᠠᠨ᠎ᠠ ︶ ᠪᠠ ᠪᠠᠷᠢᠮᠵᠢᠶᠠᠲᠤ ᠤᠶᠢᠯᠢᠭᠡᠷ ᠡᠳ᠋ ᠢ ᠦᠯᠡᠳᠡᠭᠡᠨ | ᠬᠠᠳᠠᠭᠠᠯᠠᠬᠤ ᠶᠢ ᠬᠠᠩᠭᠠᠵᠤ ᠴᠢᠳᠠᠬᠤ ᠬᠡᠷᠡᠭᠲᠡᠢ᠃ | ᠭᠤᠷᠪᠠ᠂ ᠮᠡᠳᠡᠭᠦᠯᠬᠦ ᠮᠠᠲ᠋ᠧᠷᠢᠶᠠᠯ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠥᠯ ᠪᠣᠯᠬᠤ ᠲᠠᠷᠢᠮᠠᠯ ᠤᠨ ᠡᠭᠦᠯᠳᠡᠷ ᠤᠨ | ᠲᠤᠷᠰᠢᠯᠲᠠ ᠬᠢᠬᠦ ᠭᠤᠶᠤᠴᠢᠯᠠᠯ ᠤᠨ ᠬᠦᠰᠦᠨᠦᠭᠲᠦ ︵ᠳᠠᠭᠠᠯᠳᠤᠭᠤᠯᠤᠯ 1︶︔ | 2. ᠡᠭᠦᠯᠳᠡᠷ ᠰᠣᠩᠭᠤᠨ ᠪᠤᠶᠢᠵᠢᠭᠤᠯᠬᠤ ᠮᠡᠳᠡᠭᠦᠯᠦᠯᠲᠡ ︵ ᠳᠠᠭᠠᠯᠳᠤᠭᠤᠯᠤᠯ 2 ︶ ︔ | 3. ᠡᠭᠦᠯᠳᠡᠷ ᠢ ᠬᠠᠷᠢᠴᠠᠭᠤᠯᠤᠨ ᠲᠤᠷᠰᠢᠬᠤ ᠱᠠᠭᠠᠷᠳᠠᠯᠭ᠎ᠠ ︵ ᠳᠠᠭᠠᠯᠳᠤᠭᠤᠯᠤᠯ 3 ︶ ︔ | 4. ᠭᠧᠨ ᠬᠤᠪᠢᠷᠠᠭᠤᠯᠤᠭᠰᠠᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ 4︶ ︔ | 5. ᠭᠤᠶᠤᠴᠢᠯᠠᠭᠰᠠᠨ ᠨᠢᠭᠡᠴᠢ ᠪᠣᠯᠤᠨ ᠰᠣᠩᠭᠤᠨ ᠪᠤᠶᠢᠵᠢᠭᠤᠯᠬᠤ ᠨᠢᠭᠡᠴᠢ ᠨᠢ ᠨᠢᠭᠡᠳᠦᠯ ᠦᠭᠡᠢ ᠪᠠᠶᠢᠪᠠᠯ ᠂ | ᠰᠣᠩᠭᠤᠨ ᠪᠤᠶᠢᠵᠢᠭᠤᠯᠬᠤ ᠨᠢᠭᠡᠴᠢ ᠶᠢᠨ ᠭᠠᠷᠭᠠᠭᠰᠠᠨ ᠵᠥᠪᠰᠢᠶᠡᠷᠡᠯ ᠤᠨ ᠲᠣᠳᠣᠷᠬᠠᠶᠢᠯᠠᠯᠲᠠ ᠶᠢ ᠬᠠᠩᠭᠠᠬᠤ | ᠬᠡᠷᠡᠭᠲᠡᠶ ᠃ | ᠳᠥᠷᠪᠡ᠂ ᠮᠡᠳᠡᠭᠦᠯᠬᠦ ᠱᠠᠭᠠᠷᠳᠠᠯᠭ᠎ᠠ | 1.ᠭᠤᠶᠤᠴᠢᠯᠠᠭᠴᠢ ᠨᠢᠭᠡᠪᠦᠷᠢ ᠶᠢᠨ ᠡᠯ᠎ᠡ ᠲᠠᠷᠢᠮᠠᠯ ᠤᠨ ᠪᠣᠯᠪᠠᠰᠤᠷᠠᠬᠤ ᠬᠤᠭᠤᠴᠠᠭᠠᠨ ᠤ ᠳᠤᠭᠤᠶᠢᠯᠠᠩ ᠨᠢ | ᠵᠠᠷᠴᠢᠮ ᠳᠡᠭᠡᠷ᠎ᠡ ᠪᠠᠨ 1 ᠲᠤᠷᠰᠢᠯᠲᠠ ᠳᠤ ᠣᠷᠣᠯᠴᠠᠬᠤ ᠲᠥᠷᠥᠯ ᠵᠦᠢᠯ ︵ ᠳᠠᠭᠠᠯᠳᠤᠭᠤᠯᠤᠯ 5 ᠶᠢ ᠦᠵᠡ ︶ | ᠮᠡᠳᠡᠭᠦᠯᠵᠦ ᠂ ᠮᠡᠳᠡᠭᠦᠯᠦᠭᠰᠡᠨ ᠲᠥᠷᠥᠯ ᠵᠦᠢᠯ ᠢ ᠵᠢᠭᠰᠠᠭᠠᠨ᠎ᠠ ᠃ ᠴᠠᠷᠳᠠᠭᠤᠯ ᠶᠡᠬᠡᠲᠡᠶ ᠲᠦᠷᠦᠯ ᠵᠦᠢᠯ ᠂ ᠲᠤᠰᠤ | ᠶᠡᠬᠡᠲᠡᠶ ᠲᠦᠷᠦᠯ ᠵᠦᠢᠯ ᠵᠡᠷᠭᠡ ᠣᠨᠴᠠᠭᠠᠶ ᠲᠦᠷᠦᠯ ᠵᠦᠢᠯ ᠢ ᠲᠦᠷᠦᠯ ᠵᠦᠢᠯ ᠤᠨ ᠨᠡᠷᠡᠶᠢᠳᠦᠯ ᠤᠨ ᠠᠷᠤ ᠳᠤ | ᠲᠣᠳᠣᠷᠬᠠᠶᠢᠯᠠᠨ᠎ᠠ ᠃ ᠡᠭᠦᠯᠳᠡᠷ ᠤᠨ ᠨᠡᠷᠡᠶᠢᠳᠦᠯ ᠂ ᠭᠤᠶᠤᠴᠢᠯᠠᠭᠴᠢ ᠵᠡᠷᠭᠡ ᠮᠡᠳᠡᠭᠡ ᠵᠠᠩᠭᠢ ᠶᠢ ᠡᠭᠦᠯᠳᠡᠷ ᠢ ᠬᠢᠨᠠᠨ | ᠲᠣᠭᠲᠠᠭᠠᠬᠤ ᠦᠶ᠎ᠡ ᠳᠤ ᠡ᠊ᠩ ᠤᠨ ᠪᠠᠶᠢᠳᠠᠯ ᠳᠤ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ ᠃ ᠬᠤᠯᠪᠣᠭᠳᠠᠯ | ᠪᠦᠬᠦᠢ ᠠᠭᠤᠯᠭ᠎ᠠ ᠨᠢ ᠲᠠᠭᠯᠠᠨ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ ︵ ᠳᠠᠭᠠᠯᠳᠤᠭᠤᠯᠤᠯ | 6 ᠶᠢ ᠦᠵᠡ ︶ ᠃ | 2. ᠡᠭᠦᠯᠳᠡᠷ ᠰᠣᠩᠭᠤᠨ ᠪᠤᠶᠢᠵᠢᠭᠤᠯᠤᠭᠴᠢ ᠣᠷᠣᠨ ᠤ ᠳᠣᠲᠣᠷᠠᠬᠢ ᠡᠭᠦᠯᠳᠡᠷ ᠪᠤᠶᠢᠵᠢᠭᠤᠯᠬᠤ ᠰᠢᠨᠵᠢᠯᠡᠬᠦ | ᠤᠬᠠᠭᠠᠨ ᠤ ᠰᠤᠳᠤᠯᠤᠯ ᠤᠨ ᠰᠡᠳᠦᠪ ᠢ ᠡᠭᠦᠷᠭᠡᠯᠡᠭᠰᠡᠨ ᠪᠣᠯ ᠰᠡᠳᠦᠪ ᠤᠨ ᠬᠤᠯᠪᠣᠭᠳᠠᠯ ᠪᠥᠬᠦᠢ᠂ ᠮᠠᠲ᠋ᠧᠷᠢᠶᠠᠯ ᠢ | ᠳᠠᠭᠠᠯᠳᠤᠭᠤᠯᠬᠤ ᠬᠡᠷᠡᠭᠲᠡᠶ ᠃ | 3. ᠬᠤᠯᠪᠣᠭᠠᠲᠤ ᠴᠣᠭᠴᠠ ᠶᠢᠨ ᠰᠢᠨ᠎ᠡ ᠪᠠᠷ ᠲᠤᠷᠰᠢᠯᠲᠠ ᠳᠤ ᠣᠷᠣᠯᠴᠠᠬᠤ ᠲᠥᠷᠥᠯ ᠵᠦᠶᠯ ᠳᠤ᠂ | ᠱᠠᠭᠠᠷᠳᠠᠭᠰᠠᠨ ᠭᠤᠶᠤᠴᠢᠯᠠᠯ ᠤᠨ ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ᠂ ᠪᠠᠰᠠ ᠬᠤᠯᠪᠣᠭᠠᠲᠤ ᠴᠣᠭᠴᠠ ᠶᠢᠨ | ᠪᠢᠴᠢᠭ ᠤᠨ ᠬᠡᠯᠪᠡᠷᠢ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠢ ᠳᠠᠭᠠᠯᠳᠤᠭᠤᠯᠵᠤ᠂ ᠲᠦᠷᠦᠭᠦᠯᠡᠨ ᠬᠢᠬᠦ ᠨᠢᠭᠡᠴᠢ | ᠠᠴᠠ ᠭᠤᠶᠤᠴᠢᠯᠠᠯ ᠤᠨ ᠮᠠᠲ᠋ᠧᠷᠢᠶᠠᠯ ᠢ ᠨᠢᠭᠡᠳᠦᠯᠲᠡᠶ ᠰᠢᠥᠳᠠᠨ ᠢᠶᠠᠷ ᠢᠯᠡᠭᠡᠬᠦ ᠬᠡᠷᠡᠭᠲᠡᠶ᠃ | 4.ᠭᠤᠶᠤᠴᠢᠯᠠᠭᠴᠢ ᠬᠠᠮᠲᠤ ᠳᠤᠨᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠭᠤᠶᠤᠴᠢᠯᠠᠯ ᠢᠶᠠᠨ ᠲᠤᠰᠢᠶᠠᠬᠤ | ᠬᠡᠷᠡᠭᠲᠡᠢ᠄ | A. ᠥᠪᠥᠷ ᠮᠣᠩᠭᠤᠯ ᠤᠨ ᠲᠠᠷᠢᠮᠠᠯ ᠤᠨ ᠡᠭᠦᠯᠳᠡᠷ ᠤᠨ ᠣᠷᠣᠨ ᠪᠦᠰᠡ ᠶᠢᠨ ᠲᠤᠷᠰᠢᠯᠲᠠ ᠶᠢᠨ ᠰᠢᠰᠲ᠋ᠧᠮ | ︵http://150.2233.32.185:8081︶ ᠳᠤ ᠭᠠᠷᠴᠤ ᠡᠯᠧᠺᠲᠷᠣᠨ ᠭᠤᠶᠤᠴᠢᠯᠠᠯ ᠢᠶᠠᠨ ᠲᠤᠰᠢᠶᠠᠬᠤ | ᠬᠡᠷᠡᠭᠲᠡᠢ︔ | B. ᠭᠤᠶᠤᠴᠢᠯᠠᠯ ᠤᠨ ᠪᠢᠴᠢᠭ ᠤᠨ ᠴᠠᠭᠠᠰᠤᠨ ᠬᠡᠪᠯᠡᠯ ︵ᠲᠠᠮᠠᠭ᠎ᠠ ᠳᠠᠷᠤᠭᠰᠠᠨ ᠤ ᠳᠠᠷᠠᠭ᠎ᠠ︶ ᠢ ᠮᠠᠨ ᠤ | ᠪᠠᠶᠢᠭᠤᠯᠭ᠎ᠠ ᠳᠤ ᠰᠢᠦᠳᠠᠨ ᠢᠶᠠᠷ ᠢᠯᠡᠭᠡᠬᠦ ᠬᠡᠷᠡᠭᠲᠡᠢ᠃ | ᠲᠠᠪᠤ ᠂ ᠪᠤᠰᠤᠳ ᠵᠦᠢᠯ | 1.ᠡᠭᠦᠯᠳᠡᠷ ᠤᠨ ᠲᠤᠷᠰᠢᠯᠲᠠ ᠶᠢ ᠥᠪᠡᠷ ᠢᠶᠠᠨ ᠬᠢᠭᠰᠡᠨ ᠪᠠᠶᠢᠪᠠᠯ ᠂ ᠦᠷ᠎ᠡ ᠲᠠᠷᠢᠬᠤ ᠠᠴᠠ ᠡᠮᠦᠨ᠎ᠡ 30 | ᠡᠳᠦᠷ ᠤᠨ ᠳᠣᠲᠣᠷ᠎ᠠ ᠬᠡᠷᠡᠭᠵᠢᠭᠦᠯᠬᠦ ᠲᠥᠰᠦᠯ ᠢᠶᠠᠨ ᠳᠡᠭᠡᠭᠰᠢ ᠮᠡᠳᠡᠭᠦᠯᠵᠦ ᠂ ᠬᠢᠨᠠᠨ ᠬᠠᠷᠭᠤᠭᠤᠯᠵᠤ | ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ ᠃ | 2.ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠭᠤᠶᠤᠴᠢᠯᠠᠯ ᠢ ᠬᠦᠯᠢᠶᠠᠨ ᠠᠪᠴᠤ | ᠰᠢᠶᠳᠪᠦᠷᠢᠯᠡᠨ᠎ᠡ ᠂ ᠬᠦᠯᠢᠶᠠᠨ ᠠᠪᠴᠤ ᠰᠢᠶᠳᠪᠦᠷᠢᠯᠡᠬᠦ ᠡᠳᠦᠷ ᠬᠤᠭᠤᠴᠠᠭ᠎ᠠ ᠨᠢ 2024 ᠣᠨ ᠤ 1 ᠰᠠᠷ᠎ᠠ ᠶᠢᠨ | 5 ᠤ ᠡᠳᠦᠷ ᠪᠤᠯᠲᠠᠯ᠎ᠠ᠂ ᠬᠤᠭᠤᠴᠠᠭ᠎ᠠ ᠥᠩᠭᠡᠷᠡᠪᠡᠯ ᠬᠦᠯᠢᠶᠠᠨ ᠠᠪᠴᠤ ᠰᠢᠶᠳᠪᠦᠷᠢᠯᠡᠬᠦ ᠦᠭᠡᠢ ᠃ | ᠵᠢᠷᠭᠤᠭ᠎ᠠ᠂ ᠬᠠᠷᠢᠯᠴᠠᠬᠤ ᠬᠡᠯᠪᠡᠷᠢ ᠪᠠ ᠬᠠᠷᠢᠯᠴᠠᠬᠤ ᠬᠠᠶ᠋ᠢᠭ | ᠡᠷᠳᠡᠨᠢ ᠰᠢᠰᠢ᠄ ᠯᠢ ᠰᠢᠨ ᠼᠦᠢ ᠰᠢᠶᠤᠤ ᠬᠤᠩ | ᠪᠤᠭᠤᠳᠠᠶ᠂ ᠤᠰᠤᠨ ᠲᠤᠲᠤᠷᠭ᠎ᠠ᠄ ᠰᠦᠨ ᠢᠦᠶ ᠶᠠᠨ | ᠰᠢᠷ᠎ᠠ ᠪᠤᠷᠴᠠᠭ᠄ ᠹᠦ᠋ ᠰᠢᠶᠤᠤ ᠬᠤᠸᠠ | ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ | ᠲᠣᠭᠲᠠᠭᠠᠬᠤ ᠵᠥᠪᠯᠡᠯ ᠤᠨ ᠠᠯᠪᠠᠨ | ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠬᠥᠯᠥᠨ ᠬᠤᠶᠢᠲᠤ | ᠵᠠᠮ ᠤᠨ 13 ᠳ᠋ᠤᠭᠠᠷ ᠨᠣᠮᠧᠷ | ᠰᠢᠦᠳᠠᠨ ᠳ᠋ᠤᠭᠠᠷ᠄ 010010 | ᠬᠠᠷᠢᠯᠴᠠᠬᠤ ᠤᠲᠠᠰᠤ᠄ 0471 - 6285043 | ᠳᠠᠭᠠᠯᠳᠤᠭᠤᠯᠤᠯ 1 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ | ᠲᠥᠷᠥᠯ ᠵᠦᠢᠯ ᠤᠨ ᠲᠤᠷᠰᠢᠯᠲᠠ ᠬᠢᠬᠦ ᠭᠤᠶᠤᠴᠢᠯᠠᠯ ᠤᠨ ᠬᠦᠰᠦᠨᠦᠭᠲᠦ | ᠳᠠᠭᠠᠯᠳᠤᠭᠤᠯᠤᠯ 2 ᠲᠥᠷᠥᠯ ᠵᠦᠢᠯ ᠢ ᠰᠣᠩᠭᠤᠨ ᠪᠤᠶᠢᠵᠢᠭᠤᠯᠬᠤ ᠮᠡᠳᠡᠭᠦᠯᠦᠯᠲᠡ | ᠳᠠᠭᠠᠯᠳᠤᠭᠤᠯᠤᠯ 3 ᠲᠥᠷᠥᠯ ᠵᠦᠢᠯ ᠢ ᠬᠠᠷᠢᠴᠠᠭᠤᠯᠤᠨ ᠲᠤᠷᠰᠢᠬᠤ ᠱᠠᠭᠠᠷᠳᠠᠯᠭ᠎ᠠ | ᠳᠠᠭᠠᠯᠳᠤᠭᠤᠯᠤᠯ 4 ᠭᠧᠨ ᠰᠢᠯᠵᠢᠭᠦᠯᠦᠭᠰᠡᠨ ᠪᠤᠰᠤ ᠲᠦᠷᠦᠯ ᠵᠦᠢᠯ ᠤᠨ ᠠᠮᠠᠯᠠᠯᠲᠠ ᠶᠢᠨ ᠪᠢᠴᠢᠭ | ᠳᠠᠭᠠᠯᠳᠤᠭᠤᠯᠤᠯ 5 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠮᠠᠯ ᠤᠨ ᠡᠭᠦᠯᠳᠡᠷ ᠤᠨ ᠲᠤᠷᠰᠢᠯᠲᠠ ᠶᠢᠨ ᠳᠤᠭᠤᠶᠢᠯᠠᠩ ᠬᠤᠪᠢᠶᠠᠬᠤ ᠲᠦᠯᠦᠪᠯᠡᠭᠡ | ᠳᠠᠭᠠᠯᠳᠤᠭᠤᠯᠤᠯ 6 ᠲᠠᠭᠯᠠᠨ ᠮᠡᠳᠡᠭᠦᠯᠬᠦ ᠱᠠᠭᠠᠷᠳᠠᠯᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠦᠪᠯᠡᠯ ᠤᠨ ᠠᠯᠪᠠᠨ ᠭᠡᠷ | 2023 ᠣᠨ ᠤ 12 ᠰᠠᠷ᠎ᠠ ᠶᠢᠨ 8 ᠤ ᠡᠳᠦᠷ | |