ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠺᠠᠶᠢᠯᠤ ᠰᠢᠶᠠᠨ ᠳᠤ ᠬᠦᠷᠴᠦ ᠮᠢᠩᠭᠠᠨ ᠲᠦᠮᠡᠨ ᠮᠦ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠦᠯᠢᠭᠡᠷ ᠵᠢᠱᠢᠶ᠎ᠡ ᠦᠵᠡᠭᠦᠯᠬᠦ ᠲᠣᠭᠤᠷᠢᠭ ᠤᠨ ᠵᠢᠭᠠᠨ ᠵᠢᠯᠤᠭᠤᠳᠬᠤ ᠪᠣᠯᠪᠠᠰᠤᠷᠠᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/12/4
      11 ᠰᠠᠷ᠎ᠠ ᠶᠢᠨ 27 ᠤ ᠡᠳᠦᠷ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠮᠠ ᠵᠢᠶᠦ᠋ᠨ ᠯᠢᠩ ᠨᠠᠷ ᠺᠠᠶᠢᠯᠤ ᠰᠢᠶᠠᠨ ᠳᠤ ᠬᠦᠷᠴᠦ᠂ 2024 ᠣᠨ ᠤ ᠲᠦᠩᠯᠢᠶᠣᠣ ᠬᠤᠲᠠ ᠶᠢᠨ ᠮᠢᠩᠭᠠᠨ ᠲᠦᠮᠡᠨ ᠮᠦ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠦᠯᠢᠭᠡᠷ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠤᠨ ᠶᠠᠷᠢᠯᠴᠠᠵᠤ ᠲᠦᠯᠬᠢᠨ ᠠᠬᠢᠭᠤᠯᠬᠤ ᠬᠤᠷᠠᠯ ᠬᠢᠵᠦ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠱᠦᠨ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ᠃
图片1.png
       ᠬᠤᠷᠠᠯ ᠳᠡᠭᠡᠷ᠎ᠡ᠂ ᠳᠡᠳ᠋ ᠲᠣᠪᠴᠢᠶᠠᠨ ᠳᠠᠷᠤᠭ᠎ᠠ ᠮᠠ ᠵᠢᠶᠦ᠋ᠨ ᠯᠢᠩ ᠺᠠᠶᠢᠯᠤ ᠰᠢᠶᠠᠨ ᠤ ᠣᠳᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠦᠯᠢᠭᠡᠷ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ᠂ ᠪᠣᠯᠣᠮᠵᠢᠲᠤ ᠴᠢᠨᠠᠷ ᠤᠨ ᠲᠤᠬᠠᠢ ᠭᠤᠣᠯᠳᠠᠯᠭ᠎ᠠ ᠲᠠᠢ ᠪᠠᠷ ᠲᠣᠳᠣᠷᠬᠠᠶᠢᠯᠠᠨ ᠦᠭᠦᠯᠡᠵᠦ᠂ ᠡᠭᠦᠨ ᠤ ᠬᠠᠮᠲᠤ ︽ᠨᠢᠭᠡ ᠵᠢᠷᠤᠭ ᠲᠦᠯᠦᠪᠯᠡᠭᠡ ᠶᠢ ᠰᠠᠶᠢᠲᠤᠷ  ᠵᠢᠷᠤᠬᠤ ᠂ ᠨᠢᠭᠡ ᠬᠡᠰᠡᠭ ᠲᠠᠷᠢᠶᠠᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠬᠤ ᠂ ᠨᠢᠭᠡ ᠵᠠᠮ ᠱᠤᠭᠤᠮ ᠢ ᠰᠠᠶᠢᠲᠤᠷ ᠲᠦᠯᠦᠪᠯᠡᠬᠦ ᠂ ᠨᠢᠭᠡ ᠬᠥᠯᠭᠡ ᠰᠢᠳᠠᠷ᠎ᠠ  ᠶᠢᠨ ᠤᠬᠠᠮᠰᠠᠷ ᠢ ᠪᠤᠶ ᠪᠣᠯᠭᠠᠬᠤ︾  ︽ᠳᠥᠷᠪᠡᠨ ᠨᠢᠭᠡ︾ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠳᠤᠷᠠᠳᠴᠤ᠂ ᠭᠠᠵᠠᠷ ᠰᠢᠷᠣᠢ ᠶᠢᠨ ᠬᠡᠪᠴᠢᠶᠡᠵᠢᠯ ᠢ ᠬᠡᠰᠡᠭ ᠬᠡᠰᠡᠭ ᠢᠶᠠᠷ ᠡᠵᠡᠩᠨᠡᠬᠦ ᠶᠢ ᠠᠬᠢᠭᠤᠯᠵᠤ᠂ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠢ ᠲᠣᠭᠲᠠᠭᠠᠵᠤ᠂ ᠲᠣᠭᠲᠠᠭᠰᠠᠨ ᠬᠤᠭᠤᠴᠠᠭᠠᠨ ᠳᠤ ᠠᠵᠢᠯ ᠡᠬᠢᠯᠡᠭᠦᠯᠦᠨ ᠬᠡᠷᠡᠭᠵᠢᠭᠦᠯᠬᠦ ᠶᠢ ᠦᠨᠡᠨᠬᠦ ᠪᠠᠲᠤᠯᠠᠵᠤ᠂ ᠦᠯᠢᠭᠡᠷ ᠵᠢᠱᠢᠶ᠎ᠡ ᠦᠵᠡᠭᠦᠯᠬᠦ ᠵᠠᠮ ᠱᠤᠭᠤᠮ᠂ ᠦᠯᠢᠭᠡᠷ ᠵᠢᠱᠢᠶ᠎ᠡ ᠦᠵᠡᠭᠦᠯᠬᠦ ᠴᠡᠭ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠦᠷ᠎ᠡ ᠪᠦᠲᠦᠭᠡᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠪᠠᠯᠭᠠᠰᠤ ᠲᠣᠰᠬᠤᠨ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠦᠵᠡᠯ ᠰᠠᠨᠠᠭ᠎ᠠ ᠪᠠᠨ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ ᠪᠠᠶᠢᠭᠠᠳ ᠺᠠᠶᠢᠯᠤ ᠰᠢᠶᠠᠨ ᠤ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠦᠯᠢᠭᠡᠷ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠲᠦᠩᠯᠢᠶᠣᠣ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠶᠢᠨ ᠱᠢ ᠵᠢᠶᠧ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠨᠡᠶᠢᠭᠡᠮᠴᠢᠯᠡᠭᠰᠡᠨ ᠦᠢᠯᠡᠴᠢᠯᠡᠭᠡ ᠪᠠ ᠲᠠᠯᠠᠪᠠᠶ ᠨᠢᠭᠡᠴᠢ ᠶᠢᠨ ᠤᠨᠠᠯᠲᠠ ᠶᠢᠨ ᠳᠡᠭᠡᠭᠰᠢᠯᠡᠯᠲᠡ ᠶᠢᠨ ᠲᠣᠭᠤᠷᠢᠨ ᠳᠤ ᠨᠠᠷᠢᠨ ᠨᠢᠮᠪᠠᠢ ᠪᠣᠯᠪᠠᠰᠤᠷᠠᠯ ᠬᠢᠭᠰᠡᠨ ᠪᠥᠭᠡᠳ ᠠᠵᠢᠯ ᠤᠨ ᠠᠬᠢᠴᠠ ᠶᠢᠨ ᠳᠤᠮᠳᠠ ᠣᠷᠣᠰᠢᠵᠤ ᠪᠠᠶᠢᠭ᠎ᠠ ᠬᠦᠨᠳᠦ ᠪᠡᠷᠬᠡ ᠠᠰᠠᠭᠤᠳᠠᠯ ᠳᠤ ᠲᠠᠶᠢᠯᠤᠮᠵᠢ ᠬᠢᠵᠦ ᠮᠠᠳᠠᠭ ᠲᠠᠢ ᠠᠰᠠᠭᠤᠳᠠᠯ ᠢ ᠬᠠᠷᠢᠭᠤᠯᠪᠠ᠃
图片2.png
       ᠬᠤᠷᠠᠯ ᠤᠨ ᠳᠠᠷᠠᠭ᠎ᠠ᠂ ᠲᠤᠬᠠᠶᠢᠯᠠᠭᠰᠠᠨ ᠠᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠬᠢᠨ ᠺᠠᠶᠢᠯᠤ ᠰᠢᠶᠠᠨ ᠤ ᠳ᠋ᠠ ᠢᠦᠢ ᠱᠤ᠋ ᠪᠠᠯᠭᠠᠰᠤᠨ ᠤ ᠶᠢᠨ ᠰᠢᠩ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠭᠠᠵᠠᠷ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠵᠡᠷᠭᠡ ᠬᠠᠮᠢᠶ᠎ᠠ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠨᠡᠶᠢᠭᠡᠮᠴᠢᠯᠡᠭᠰᠡᠨ ᠦᠢᠯᠡᠴᠢᠯᠡᠭᠡ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢᠨ ᠬᠤᠭᠤᠷᠣᠨᠳᠣᠬᠢ ᠬᠠᠷᠢᠯᠴᠠᠨ ᠲᠦᠰᠢᠭᠯᠡᠨ ᠠᠬᠢᠭᠤᠯᠬᠤ ᠬᠠᠷᠢᠴᠠᠭ᠎ᠠ ᠶᠢ ᠨᠠᠷᠢᠨ ᠲᠠᠶᠢᠯᠪᠤᠷᠢᠯᠠᠵᠤ᠂ ᠳ᠋ᠠ ᠢᠦᠢ ᠱᠤ᠋ ᠪᠠᠯᠭᠠᠰᠤᠨ ᠤ ᠣᠲᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠦᠯᠢᠭᠡᠷ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠳᠤ ᠵᠢᠯᠤᠭᠤᠳᠬᠤ ᠴᠢᠭᠯᠡᠯ ᠬᠠᠩᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号