ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ | ᠤ ᠲᠢᠩᠬᠢᠮ ᠣᠶᠢᠷ᠎ᠠ ᠳᠤ 93 ᠵᠠᠯᠠᠭᠤ ᠺᠠᠳ᠋ᠷ ᠢ ᠰᠣᠩᠭᠤᠨ 93 ᠬᠤᠰᠢᠭᠤ ᠰᠢᠶᠠᠨ︵ᠬᠤᠲᠠ᠂ ᠲᠣᠭᠤᠷᠢᠭ︶ ᠳᠤ | ᠲᠣᠮᠢᠯᠠᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ | ᠲᠣᠪᠴᠢᠶ᠎ᠠ ᠳᠤ ᠬᠠᠮᠵᠢᠯᠴᠠᠨ ᠬᠠᠮᠢᠶ᠎ᠠ ᠪᠦᠬᠦᠢ ᠠᠵᠢᠯ ᠥᠷᠨᠢᠭᠦᠯᠵᠦ᠂ ᠨᠢᠭᠡᠳᠦᠭᠡᠷ ᠹᠷᠣᠨᠲ ᠲᠤ ᠳᠠᠪᠲᠠᠨ | ᠪᠤᠯᠪᠠᠰᠤᠷᠠᠭᠤᠯᠵᠤ ᠪᠠᠶᠢᠨ᠎ᠠ᠃ | ᠲᠤᠰ ᠠᠵᠢᠯᠯᠠᠭ᠎ᠠ ᠪᠣᠯ ︽ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠤᠯᠤᠨ ᠰᠢᠯᠢᠳᠡᠭ ᠵᠠᠯᠠᠭᠤ | ᠺᠠᠳ᠋ᠷ ᠢ ᠶᠡᠭᠡ ᠪᠠᠷ ᠬᠥᠮᠥᠵᠢᠭᠦᠯᠵᠦ ᠰᠢᠯᠢᠳᠡᠭ ᠵᠠᠯᠠᠭᠤ ᠺᠠᠳ᠋ᠷ ᠢ ᠰᠣᠩᠭᠤᠨ ᠳᠡᠪᠰᠢᠭᠦᠯᠬᠦ ᠲᠤᠬᠠᠢ ᠰᠠᠨᠠᠯ︾᠂ ︽ᠵᠠᠯᠠᠭᠤ | ᠺᠠᠳ᠋ᠷ ᠤᠨ ᠬᠥᠮᠦᠵᠢᠯ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠬᠤ ᠲᠤᠬᠠᠢ ᠰᠠᠨᠠᠯ︾ ᠤᠨ ᠱᠠᠭᠠᠷᠳᠠᠯᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ᠂ ᠪᠠᠰᠠ | ᠴᠦ ︽ᠵᠠᠯᠠᠭᠤ ᠺᠠᠳ᠋ᠷᠴᠤᠳ ᠢ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠪᠡᠷᠬᠡ ᠬᠠᠲᠠᠭᠤᠵᠢᠯᠲᠠᠢ ᠨᠠᠷᠢᠨ | ᠪᠤᠳᠤᠯᠢᠶᠠᠨᠲᠠᠢ ᠣᠷᠴᠢᠨ ᠨᠥᠬᠦᠴᠡᠯ ᠪᠠ ᠵᠠᠩᠭᠢᠯᠠᠭ᠎ᠠ ᠶᠢᠨ ᠪᠡᠷᠬᠡ ᠬᠠᠲᠠᠭᠤᠵᠢᠯᠲᠠᠢ ᠠᠵᠢᠯ ᠤᠨ ᠪᠠᠶᠢᠷᠢᠨ ᠳᠤ | ᠯᠠᠪᠳᠠᠭᠤᠨ ᠪᠠᠲᠤᠲᠠᠢ ᠪᠠᠷ ᠳᠠᠪᠲᠠᠨ ᠪᠤᠯᠪᠠᠰᠤᠷᠠᠭᠤᠯᠬᠤ︾ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠭᠰᠠᠨ | ᠶᠠᠪᠤᠳᠠᠯ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ | ᠤ ᠲᠢᠩᠬᠢᠮ ᠤᠨ ᠲᠤᠰ ᠤᠳᠠᠭ᠎ᠠ ᠶᠢᠨ ᠰᠣᠩᠭᠤᠨ ᠲᠣᠮᠢᠯᠠᠭᠰᠠᠨ ᠵᠠᠯᠠᠭᠤ ᠺᠠᠳ᠋ᠷᠴᠤᠳ ᠦᠨᠳᠦᠰᠦᠨ ᠱᠠᠲᠤᠨ ᠳᠤ | ᠣᠴᠢᠭᠰᠠᠨ ᠤ ᠳᠠᠷᠠᠭ᠎ᠠ ᠭᠤᠣᠯᠳᠠᠭᠤ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ | ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠂ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠶᠡᠭᠡ | ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠠᠭᠤᠷᠢ ᠲᠤᠭ᠎ᠠ ᠶᠢ | ᠣᠶᠢᠯᠠᠭᠠᠭᠰᠠᠨ ᠰᠠᠭᠤᠷᠢᠨ ᠳᠡᠭᠡᠷ᠎ᠡ ᠦᠨᠳᠦᠰᠦᠨ ᠱᠠᠲᠤ ᠶᠢ ᠬᠠᠪᠰᠤᠷᠤᠨ ᠬᠠᠮᠢᠶ᠎ᠠ ᠪᠦᠬᠦᠢ ᠠᠵᠢᠯ ᠢ ᠠᠬᠢᠭᠤᠯᠬᠤ | ᠪᠣᠯᠣᠨ᠎ᠠ᠃ ︽ᠪᠢᠳᠡ ᠵᠠᠯᠠᠭᠤ ᠺᠠᠳ᠋ᠷᠴᠤᠳ ᠢ ᠦᠨᠳᠦᠰᠦᠨ ᠱᠠᠲᠤ ᠨᠢᠭᠡᠳᠦᠭᠡᠷ ᠹᠷᠣᠨᠲ ᠲᠤ ᠣᠴᠢᠭᠤᠯᠵᠤ᠂ ᠳᠠᠪᠲᠠᠨ | ᠪᠤᠯᠪᠠᠰᠤᠷᠠᠭᠤᠯᠬᠤ ᠳᠤᠮᠳᠠ ᠺᠠᠳ᠋ᠷᠴᠤᠳ ᠢ ᠬᠥᠮᠥᠵᠢᠭᠦᠯᠦᠨ ᠺᠠᠳ᠋ᠷᠴᠤᠳ ᠢ ᠬᠢᠨᠠᠨ ᠪᠠᠶᠢᠴᠠᠭᠠᠵᠤ᠂ ᠺᠠᠳ᠋ᠷ ᠤᠨ ᠡᠩᠨᠡᠭᠡ | ᠶᠢᠨ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠦᠭᠦ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠳᠤᠰᠬᠤᠨ ᠮᠠᠯᠵᠢᠬᠤ ᠣᠷᠣᠨ ᠤ ᠦᠢᠯᠡᠰ ᠤᠨ ᠬᠥᠭᠵᠢᠯᠲᠡ ᠳᠤ ᠨᠥᠭᠡᠴᠡ ᠬᠦᠴᠦᠨ ᠢ ᠬᠤᠷᠠᠮᠳᠤᠭᠤᠯᠵᠤ | ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ | ᠮᠠᠯᠵᠢᠬᠤ ᠣᠷᠣᠨ ᠤ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠵᠧᠩ ᠹᠧᠩ ᠵᠦᠩ | ᠲᠠᠨᠢᠯᠴᠠᠭᠤᠯᠪᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠳᠤᠰᠬᠤᠨ ᠮᠠᠯᠵᠢᠬᠤ ᠣᠷᠣᠨ ᠤ ᠲᠢᠩᠬᠢᠮ ᠤᠨ ᠳᠤᠰ ᠤᠳᠠᠭ᠎ᠠ ᠶᠢᠨ ᠺᠠᠳ᠋ᠷᠴᠤᠳ ᠢ ᠰᠣᠩᠭᠤᠨ ᠲᠣᠮᠢᠯᠠᠬᠤ ᠴᠠᠭ ᠨᠢ | 1 ᠵᠢᠯ ᠪᠠᠶᠢᠵᠤ᠂ ᠦᠨᠳᠦᠰᠦᠨ ᠱᠠᠲᠤᠨ ᠳᠤ ᠳᠠᠪᠲᠠᠨ ᠪᠤᠯᠪᠠᠰᠤᠷᠠᠭᠤᠯᠬᠤ ᠪᠠ ᠤᠤᠯ ᠤᠨ ᠨᠢᠭᠡᠴᠢ ᠶᠢᠨ ᠠᠵᠢᠯ ᠢᠶᠠᠨ | ᠬᠠᠮᠲᠤ ᠳᠤᠨᠢ ᠬᠠᠷᠠᠭᠠᠯᠵᠠᠬᠤ ᠶᠢ ᠱᠠᠭᠠᠷᠳᠠᠵᠤ ᠪᠠᠶᠢᠨ᠎ᠠ᠃ |