12 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︽ᠥᠪᠥᠷ ᠮᠣᠩᠭᠤᠯ ᠤᠨ ᠬᠤᠨᠢᠨ ᠤ ᠲᠠᠪᠤᠨ | ᠴᠤᠯᠤ ᠶᠢᠨ ᠨᠠᠷᠠᠲᠤ ᠲᠡᠮᠳᠡᠭᠲᠦ ᠶᠢ ᠨᠡᠶᠢᠲᠡᠯᠡᠬᠦ ᠬᠤᠷᠠᠯ︾ ᠡᠷᠭᠢᠯᠡᠵᠦ᠂ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ | ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ | | | | | ᠭᠦᠸᠧ ᠵᠠᠨ ᠵᠢᠶᠠᠩ ᠢᠯᠡᠷᠬᠡᠶᠢᠯᠡᠬᠦ ᠳᠡᠭᠡᠨ᠂ ︽ᠥᠪᠥᠷ ᠮᠣᠩᠭᠤᠯ ᠤᠨ ᠬᠤᠨᠢᠨ ᠤ ᠲᠠᠪᠤᠨ ᠴᠤᠯᠤ ᠶᠢᠨ | ᠨᠠᠷᠠᠲᠤ ᠲᠡᠮᠳᠡᠭᠲᠦ ᠶᠢ ᠨᠡᠶᠢᠲᠡᠯᠡᠬᠦ︾ ᠠᠵᠢᠯᠯᠠᠭ᠎ᠠ ᠶᠢ ᠡᠷᠭᠢᠯᠡᠵᠦ ᠪᠠᠶᠢᠭ᠎ᠠ ᠨᠢ ᠳᠠᠷᠤᠢ ᠥᠪᠥᠷ ᠮᠣᠩᠭᠤᠯ ᠤᠨ | ᠬᠤᠨᠢᠨ ᠤ ᠲᠠᠪᠤᠨ ᠴᠤᠯᠤ ᠶᠢᠨ ᠨᠠᠷᠠᠲᠤ ᠲᠡᠮᠳᠡᠭᠲᠦ ᠶᠢ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯᠲᠠᠨ ᠢ | ᠬᠠᠮᠲᠤ ᠪᠠᠷ ᠪᠦᠯᠬᠦᠮᠳᠡᠭᠦᠯᠦᠨ ᠵᠠᠬ᠎ᠠ ᠳᠡᠯᠭᠡᠭᠦᠷ ᠲᠤ ᠭᠠᠷᠭᠠᠬᠤ ᠶᠢᠨ ᠲᠥᠯᠥᠭᠡ ᠶᠤᠮ᠃ ᠰᠡᠬᠦᠶᠢᠭᠰᠡᠨ ᠲᠣᠮᠣ ᠨᠠᠷᠠᠲᠤ | ᠲᠡᠮᠳᠡᠭᠲᠦ ᠶᠢ ᠪᠦᠲᠦᠭᠡᠬᠦ ᠪᠠᠷ ᠪᠠᠷᠠᠬᠤ ᠦᠭᠡᠢ ᠪᠠᠰᠠ ᠨᠡᠶᠢᠳᠡᠮ ᠨᠡᠯᠦᠭᠡᠷ ᠵᠢᠵᠢᠭ ᠳᠡᠯᠭᠡᠭᠦᠷ ᠫᠦᠰᠡ ᠶᠢ | ᠪᠦᠷᠢᠯᠳᠦᠭᠦᠯᠵᠦ ᠂ ︽ ᠥᠪᠥᠷ ᠮᠣᠩᠭᠤᠯ ᠤᠨ ᠬᠤᠨᠢᠨ ᠤ ᠲᠠᠪᠤᠨ ᠴᠤᠯᠤ︾ ᠶᠢᠨ ᠲᠦᠷᠦᠯ ᠲᠡᠮᠳᠡᠭᠲᠦ ᠶᠢ ᠥᠪᠥᠷ | ᠮᠣᠩᠭᠤᠯ ᠠᠴᠠ ᠭᠠᠷᠭᠠᠵᠤ ᠂ ᠪᠦᠬᠦ ᠤᠯᠤᠰ ᠤᠨ ᠠᠷᠠᠳ ᠲᠦᠮᠡᠨ ᠳᠤ ᠴᠥᠮ ᠥᠪᠥᠷ ᠮᠣᠩᠭᠤᠯ ᠤᠨ ᠬᠤᠨᠢᠨ ᠤ | ᠲᠠᠪᠤᠨ ᠴᠤᠯᠤ ᠶᠢ ᠠᠮᠲᠠᠯᠠᠭᠤᠯᠵᠤ ᠂ ᠥᠪᠥᠷ ᠮᠣᠩᠭᠤᠯ ᠤᠨ ᠬᠤᠨᠢᠨ ᠤ ᠲᠠᠪᠤᠨ ᠴᠤᠯᠤ ᠪᠠᠷ ᠬᠥᠮᠥᠰ ᠤᠨ | ᠬᠤᠳᠤᠭᠠᠲᠤ ᠶᠢ ᠳᠤᠯᠠᠭᠠᠴᠠᠭᠤᠯᠵᠤ ᠂ ᠲᠦᠭ ᠲᠦᠮᠡᠨ ᠠᠶᠢᠯ ᠡᠷᠦᠭᠡ ᠳᠤ ᠦᠨᠦᠷ ᠠᠮᠲᠠ ᠶᠢ ᠦᠨᠡᠨᠬᠦ | ᠬᠠᠩᠬᠤᠯᠤᠭᠤᠯᠬᠤ ᠬᠡᠷᠡᠭᠲᠡᠢ ᠭᠡᠪᠡ᠃ | | | | | ᠨᠠᠷᠠᠲᠤ ᠲᠡᠮᠳᠡᠭᠲᠦ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠤᠬᠠᠢ ᠶᠢᠨ ᠲᠠᠯᠠᠪᠤᠷ ᠲᠤ | 48 ᠠᠵᠤ ᠠᠬᠤᠶᠢᠯᠠᠯ ᠤᠨ ᠲᠥᠯᠥᠭᠡᠯᠡᠭᠴᠢ ᠳᠤ ᠫᠠᠶᠢᠰᠠ ᠣᠯᠭᠤᠵᠤ᠂ ᠪᠥᠬᠦ ᠤᠯᠤᠰ ᠤᠨ 200 ᠳᠡᠯᠭᠡᠭᠦᠷ ᠨᠢ | ᠥᠪᠥᠷ ᠮᠣᠩᠭᠤᠯ ᠤᠨ ᠬᠤᠨᠢᠨ ᠤ ᠲᠠᠪᠤᠨ ᠴᠤᠯᠤ ᠶᠢᠨ ᠨᠠᠷᠠᠲᠤ ᠲᠡᠮᠳᠡᠭᠲᠦ ᠶᠢᠨ ᠡᠷᠬᠡ ᠣᠯᠭᠤᠭᠰᠠᠨ ᠳᠡᠯᠭᠡᠭᠦᠷ | ᠪᠣᠯᠬᠤ ᠪᠣᠯᠣᠨ᠎ᠠ᠃ ᠲᠤᠬᠠᠢ ᠶᠢᠨ ᠲᠠᠯᠠᠪᠠᠢ ᠳᠤ ᠂ ᠳ᠋ᠢᠶᠠᠮᠧᠲᠷ ᠨᠢ 2.5 ᠮᠧᠲᠷ ᠤᠨ ᠨᠢᠭᠡ ᠲᠣᠮᠤ ᠲᠣᠭᠤᠭ᠎ᠠ ᠳᠤ 4 | ᠴᠠᠭ ᠢ ᠬᠡᠷᠡᠭᠰᠡᠵᠦ᠂ ᠮᠢᠩᠭᠠᠨ ᠺᠢᠯᠣᠭ᠍ᠷᠠᠮ ᠠᠩᠬᠢᠯᠤᠮ᠎ᠠ ᠦᠨᠦᠷ ᠬᠠᠩᠬᠤᠯᠤᠭᠰᠠᠨ ᠬᠤᠨᠢᠨ ᠤ ᠲᠠᠪᠤᠨ ᠴᠤᠯᠤ ᠶᠢ | ᠴᠢᠨᠠᠭᠰᠠᠨ ᠪᠦᠭᠡᠳ 25 ᠨᠡᠷᠡᠳᠦ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠤᠬᠠᠢ ᠶᠢᠨ ᠲᠠᠯᠠᠪᠠᠢ ᠳᠤ | ᠴᠢᠨᠠᠭᠰᠠᠨ ᠬᠤᠨᠢᠨ ᠤ ᠲᠠᠪᠤᠨ ᠴᠤᠯᠤ ᠶᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠯᠣᠨ ᠬᠤᠳᠠ ᠶᠢᠨ | ᠠᠷᠠᠳ ᠢᠶᠠᠷ ᠠᠮᠳᠠᠯᠠᠭᠤᠯᠤᠨ ᠦᠨᠡᠯᠡᠭᠦᠯᠪᠡ᠃ | | | | | | | | | | | ᠥᠪᠥᠷ ᠮᠣᠩᠭᠤᠯ ᠪᠣᠯ ᠮᠠᠯ ᠠᠵᠤ ᠠᠬᠤᠢ ᠶᠢᠨ ᠲᠣᠮᠣ ᠣᠷᠣᠨ ᠪᠣᠯᠬᠤᠷ ᠬᠤᠨᠢᠨ ᠤ ᠲᠠᠪᠤᠨ ᠴᠤᠯᠤ ᠶᠢᠨ | ᠠᠵᠤ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠡᠬᠢ ᠪᠠᠶᠠᠯᠢᠭ ᠤᠨ ᠳᠠᠪᠠᠭᠤᠯᠢᠭ ᠪᠠ ᠥᠷᠭᠡᠨ | ᠠᠭᠤᠳᠠᠮ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠲᠠᠢ ᠶᠤᠮ ᠃ ᠪᠦᠷᠢᠳᠬᠡᠯ ᠢ ᠦᠨᠳᠦᠰᠦᠯᠡᠪᠡᠯ᠂ ᠮᠠᠨ ᠤ ᠣᠷᠣᠨ | ᠵᠢᠯ ᠪᠦᠷᠢ 6000 ᠭᠠᠷᠤᠢ ᠲᠦᠮᠡᠨ ᠠᠯᠠᠰᠢᠨ ᠬᠤᠨᠢ ᠶᠢ ᠪᠣᠷᠣᠯᠠᠭᠤᠯᠵᠤ᠂ ᠬᠤᠨᠢᠨ ᠤ ᠲᠠᠪᠤᠨ ᠴᠤᠯᠤ ᠶᠢᠨ | ᠭᠠᠷᠤᠯᠲᠠ ᠶᠢᠨ ᠬᠡᠮᠵᠢᠶ᠎ᠡ 30 ᠭᠠᠷᠤᠢ ᠲᠦᠮᠡᠨ ᠲᠣᠨ ᠳᠤ ᠬᠦᠷᠴᠦ᠂ ᠴᠥᠮ ᠪᠥᠬᠦ ᠤᠯᠤᠰ ᠤᠨ ᠨᠢᠭᠡᠳᠦᠭᠡᠷ ᠲᠤ | ᠣᠷᠤᠵᠤ ᠪᠠᠶᠢᠳᠠᠭ ᠃ ᠣᠳᠣᠬᠠᠨ ᠳᠤ ᠮᠠᠨ ᠤ ᠣᠷᠣᠨ ᠤ ᠵᠢᠯ ᠪᠦᠷᠢ ᠶᠢᠨ ᠭᠠᠳᠠᠭᠠᠳᠤ ᠳᠤ ᠪᠣᠷᠣᠯᠠᠭᠤᠯᠵᠤ ᠪᠠᠶᠢᠭ᠎ᠠ | ᠬᠤᠨᠢᠨ ᠤ ᠲᠠᠪᠤᠨ ᠴᠤᠯᠤ ᠶᠢᠨ ᠲᠦᠭᠦᠬᠡᠢ ᠮᠠᠲ᠋ᠧᠷᠢᠶᠠᠯ 24 ᠲᠦᠮᠡᠨ ᠲᠣᠨ ᠰᠢᠬᠠᠮ ᠪᠠᠶᠢᠵᠤ᠂ ᠬᠡᠷᠪᠡ ᠴᠥᠮ | ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠤᠨ ᠬᠤᠪᠢᠷᠠᠭᠤᠯᠬᠤ ᠳᠤ ᠭᠦᠷᠪᠡᠯ᠂ ᠦᠢᠯᠡᠳᠬᠦᠨ ᠤ ᠥᠷᠲᠡᠭ ᠨᠢ ᠪᠠᠰᠠ | 5 ᠳᠠᠬᠢᠨ ᠨᠡᠮᠡᠭᠳᠡᠵᠦ᠂ ᠣᠲᠣ ᠶᠢᠨ 80 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ ᠳᠡᠭᠡᠭᠰᠢᠯᠡᠭᠡᠳ 500 | ᠳ᠋ᠦᠩᠰᠢᠭᠤᠷ ᠲᠥᠭᠦᠷᠢᠭ ᠪᠣᠯᠬᠤ ᠪᠣᠯᠣᠨ᠎ᠠ᠃ | | | | | ᠮᠠᠨ ᠤ ᠣᠷᠣᠨ ᠤ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠤ ᠠᠵᠤ ᠦᠢᠯᠡᠰ ᠤᠨ ᠨᠢᠭᠡ | ᠪᠣᠯᠤᠭᠰᠠᠨ ᠤ ᠬᠤᠪᠢ ᠳᠤ᠂ ᠬᠤᠨᠢᠨ ᠤ ᠲᠠᠪᠤᠨ ᠴᠤᠯᠤ ᠨᠢ ᠥᠪᠥᠷ ᠮᠣᠩᠭᠤᠯ ᠤᠨ ᠴᠢᠨᠠᠷ ᠰᠠᠶᠢᠲᠠᠢ ᠲᠠᠯ᠎ᠠ | ᠨᠤᠲᠤᠭ ᠤᠨ ᠣᠷᠴᠢᠨ ᠲᠣᠭᠤᠷᠢᠨ ᠪᠠ ᠪᠠᠶᠢᠭᠠᠯᠢ ᠶᠢᠨ ᠮᠠᠯᠵᠢᠯ ᠤᠨ ᠲᠠᠯᠠᠪᠠᠶ ᠪᠠᠷ ᠰᠠᠭᠤᠷᠢ ᠪᠣᠯᠭᠠᠵᠤ᠂ | ᠤᠯᠠᠮᠵᠢᠯᠠᠯᠲᠤ ᠤᠷ᠎ᠠ ᠮᠡᠷᠭᠡᠰᠢᠯ ᠢᠶᠠᠷ ᠬᠢᠬᠦ ᠠᠷᠭ᠎ᠠ ᠪᠠ ᠥᠪᠡᠷᠮᠢᠴᠡ ᠠᠮᠲᠠ ᠪᠠᠷ ᠢᠶᠠᠨ ᠪᠥᠬᠦ ᠤᠯᠤᠰ ᠲᠤ | ᠠᠯᠳᠠᠷᠰᠢᠪᠠ᠃ ᠣᠳᠣᠬᠠᠨ ᠳᠤ ᠪᠥᠬᠦ ᠣᠷᠣᠨ ᠤ ᠡᠯ᠎ᠡ ᠲᠥᠷᠥᠯ ᠤᠨ ᠬᠤᠨᠢᠨ ᠤ ᠲᠠᠪᠤᠨ ᠴᠤᠯᠤ ᠶᠢᠨ ᠳᠡᠯᠭᠡᠭᠦᠷ | ᠨᠢᠭᠡᠨᠲᠡ 3000 ᠭᠠᠷᠤᠢ ᠪᠣᠯᠵᠤ᠂ ᠵᠡᠭᠡᠯᠢ ᠭᠤᠳᠤᠮᠵᠢ᠂ ᠬᠤᠲᠠ ᠬᠥᠳᠡᠭᠡ ᠶᠢᠨ ᠡᠯ᠎ᠡ ᠭᠠᠵᠠᠷ ᠢᠶᠠᠷ ᠨᠡᠶᠢᠳᠡᠮ | ᠲᠠᠷᠬᠠᠵᠤ᠂ ᠬᠤᠨᠢᠨ ᠤ ᠲᠠᠪᠤᠨ ᠴᠤᠯᠤ ᠨᠢ ᠠᠷᠠᠳ ᠤᠨ ᠬᠤᠭᠤᠯᠠᠨ ᠰᠢᠷᠡᠭᠡᠨ ᠤ ᠣᠬᠢ ᠰᠠᠶᠢᠨ ᠵᠦᠢᠯ᠂ ᠰᠠᠯᠵᠤ | ᠪᠣᠯᠣᠰᠢ ᠦᠭᠡᠢ ᠠᠮᠲᠠᠲᠤ ᠢᠳᠡᠭᠡᠨ᠂ ᠮᠠᠷᠲᠠᠭᠳᠠᠰᠢ ᠦᠭᠡᠢ ᠨᠤᠲᠤᠭ ᠤᠨ ᠮᠥᠷᠥᠭᠡᠳᠦᠯ ᠪᠣᠯᠵᠠᠢ᠃ | | | | | ᠥᠪᠡᠷᠲᠡᠭᠡᠨ ᠵᠠᠰᠠᠬᠤ ᠣᠷᠣᠨ ᠤ ᠬᠤᠨᠢᠨ ᠤ ᠲᠠᠪᠤᠨ ᠴᠤᠯᠤ ᠦᠢᠯᠡᠳᠪᠦᠷᠢᠯᠡᠵᠦ ᠪᠣᠯᠪᠠᠰᠤᠷᠠᠭᠤᠯᠬᠤ ᠠᠵᠤ | ᠠᠬᠤᠶᠢᠯᠠᠯ᠂ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠥᠯᠥᠭᠡᠯᠡᠭᠴᠢ︔ ᠮᠸᠢ ᠲᠤᠸᠠᠨ ᠂ ᠴᠣᠣᠷᠢᠶ᠎ᠠ ᠂ | ᠪᠣᠰᠢᠭᠤᠭᠠᠷ ᠂ ᠸᠢᠳᠢᠤ᠋ ᠨᠣᠮᠧᠷ᠂ ᠰᠢᠨ ᠰᠢᠤᠸᠠᠨ ᠪᠦᠯᠦᠭᠯᠡᠯ ᠵᠡᠷᠭᠡ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ | ᠲᠠᠪᠴᠠᠩ ᠤᠨ ᠲᠥᠯᠥᠭᠡᠯᠡᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃ | | | | |