12 ᠰᠠᠷ᠎ᠠ ᠶᠢᠨ 7 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ | ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ | ᠳᠠᠷᠤᠭ᠎ᠠ ᠵᠤᠤ ᠢᠦᠢ ᠱᠧᠩ ᠲᠠᠩᠭᠠᠷᠢᠭᠯᠠᠬᠤ ᠶᠢ ᠬᠢᠨᠠᠬᠤ ᠶᠢᠨ ᠬᠠᠮᠲᠤ ᠶᠠᠷᠢᠶ᠎ᠠ ᠲᠠᠯᠪᠢᠵᠠᠢ᠃ ᠲᠢᠩᠬᠢᠮ ᠤᠨ | ᠰᠢᠰᠲ᠋ᠧᠮ ᠤᠨ 2023 ᠣᠨ ᠤ ᠲᠤᠰᠢᠶᠠᠯ ᠳᠤ ᠳᠡᠪᠰᠢᠭᠦᠯᠦᠭᠰᠡᠨ᠂ ᠲᠤᠰᠢᠶᠠᠯ ᠤᠨ ᠳᠡᠰ ᠳᠡᠪᠰᠢᠭᠰᠡᠨ ᠺᠠᠳ᠋ᠷ ᠵᠢᠴᠢ | ᠰᠢᠨ᠎ᠡ ᠪᠠᠷ ᠠᠵᠢᠯ ᠳᠤ ᠣᠷᠣᠭᠰᠠᠨ 110 ᠬᠥᠮᠥᠨ ᠣᠷᠣᠯᠴᠠᠪᠠ᠃ | | | | | ᠲᠠᠩᠭᠠᠷᠢᠭᠯᠠᠬᠤ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠤᠯᠤᠰ ᠤᠨ ᠲᠤᠭ ᠭᠡᠷᠡᠯ ᠭᠢᠯᠪᠠᠭ᠎ᠠ ᠰᠠᠴᠤᠷᠠᠵᠤ᠂ | ᠤᠯᠤᠰ ᠤᠨ ᠰᠦᠯᠳᠡ ᠥᠨᠳᠥᠷ ᠲᠤ ᠡᠯᠭᠦᠭᠳᠡᠵᠦ᠂ ᠠᠭᠤᠷ ᠠᠮᠢᠰᠬᠤᠯ ᠰᠦᠷ ᠵᠢᠪᠬᠤᠯᠠᠩᠲᠠᠢ ᠪᠥᠭᠡᠳ ᠬᠦᠷ | ᠬᠥᠭᠵᠢᠶᠡᠨ ᠲᠠᠢ᠃ ᠦᠳᠡ ᠶᠢᠨ ᠬᠤᠶᠢᠨᠠᠬᠢ 15 ᠴᠠᠭ 00 ᠮᠢᠨᠦ᠋ᠲ ᠲᠤ᠂ ᠲᠠᠩᠭᠠᠷᠢᠭᠯᠠᠬᠤ ᠶᠣᠰᠣᠯᠠᠯ ᠡᠬᠢᠯᠡᠵᠦ᠂ | ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ | ᠲᠠᠩᠭᠠᠷᠢᠭᠯᠠᠭᠴᠢ ᠤᠯᠤᠰ ᠤᠨ ᠲᠤᠭ ᠪᠣᠯᠣᠨ ᠤᠯᠤᠰ ᠤᠨ ᠰᠦᠯᠳᠡ ᠳᠤ ᠬᠠᠨᠳᠤᠨ ᠬᠠᠮᠲᠤ ᠪᠠᠷ ᠲᠠᠩᠭᠠᠷᠢᠭᠯᠠᠪᠠ᠃ | ᠵᠣᠣ ᠢᠦᠢ ᠱᠧᠩ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠣᠯᠠᠨ ᠢ ᠲᠤᠰ | ᠤᠳᠠᠭᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠪᠠᠷ ᠰᠢᠨ᠎ᠡ ᠡᠬᠢᠯᠡᠯᠲᠡ ᠶᠢᠨ ᠴᠡᠭ ᠪᠣᠯᠭᠠᠵᠤ᠂ ᠤᠭ | ᠰᠠᠨᠠᠭ᠎ᠠ ᠪᠠᠨ ᠦᠯᠦ ᠮᠠᠷᠲᠠᠵᠤ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ | ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠴᠠᠭ ᠦᠶ᠎ᠡ ᠶᠢᠨ | ᠥᠪᠥᠷ ᠮᠣᠩᠭᠤᠯ ᠤᠨ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ | ᠥᠭᠡᠷᠡᠴᠢᠯᠡᠯᠲᠡ ᠬᠥᠭᠵᠢᠯᠲᠡ ᠶᠢᠨ ᠵᠢᠷᠤᠭ ᠢ ᠰᠠᠶᠢᠲᠤᠷ ᠵᠢᠷᠤᠭᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠦ ᠵᠣᠷᠢᠭᠵᠢᠭᠤᠯᠬᠤ ᠶᠢᠨ ᠬᠠᠮᠲᠤ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠪᠣᠯᠣᠨ | ᠠᠵᠢᠯ ᠳᠤ ᠣᠷᠣᠭᠰᠠᠨ ᠬᠥᠮᠥᠰ ᠲᠤ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠴᠠᠢ᠃ | ᠦᠨᠳᠦᠰᠦᠨ ᠬᠠᠤᠯᠢ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠃ | ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ | ᠦᠨᠳᠦᠰᠦᠨ ᠬᠠᠤᠯᠢ ᠶᠢᠨ ᠨᠡᠷ᠎ᠡ ᠬᠦᠨᠳᠦ ᠪᠠ ᠡᠷᠬᠡ ᠰᠦᠷ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠺᠠᠳ᠋ᠷᠴᠤᠳ ᠤᠯᠤᠰ | ᠲᠥᠷᠥ ᠶᠢ ᠡᠷᠬᠢᠮᠯᠡᠬᠦ᠂ ᠨᠠᠮᠴᠢ ᠴᠢᠨᠠᠷ ᠢ ᠡᠷᠬᠢᠮᠯᠡᠬᠦ᠂ ᠬᠠᠤᠯᠢ ᠪᠠᠷ ᠵᠠᠰᠠᠬᠤ ᠶᠢ ᠡᠷᠬᠢᠮᠯᠡᠬᠦ ᠦᠯᠢᠭᠡᠷ ᠳᠠᠭᠤᠷᠢᠶᠠᠯ ᠪᠣᠯᠵᠤ᠂ | ᠠᠵᠢᠯ ᠤᠨ ᠳᠤᠮᠳᠠ ᠪᠠᠨ ᠨᠠᠮ ᠳᠠᠭᠠᠨ ᠲᠤᠶᠢᠯ ᠤᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠪᠠᠷᠢᠮᠵᠢᠶ᠎ᠠ | ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠵᠤ᠂ ᠰᠣᠩᠭᠤᠯᠲᠠ ᠬᠢᠬᠦ ᠦᠭᠡᠢ᠂ ᠵᠣᠬᠢᠴᠠᠭᠤᠯᠤᠨ ᠬᠤᠪᠢᠷᠠᠭᠤᠯᠬᠤ ᠦᠭᠡᠢ᠂ ᠳᠤᠲᠠᠭᠤ | ᠲᠤᠷᠭᠤᠨ ᠬᠡᠷᠡᠭᠵᠢᠭᠦᠯᠬᠦ ᠦᠭᠡᠢ᠂ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠢ ᠪᠠᠷ ᠬᠢᠵᠦ | ᠰᠠᠶᠢᠨ ᠢᠶᠠᠷ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠡᠷᠡᠰ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠬᠡᠷᠡᠭᠲᠡᠢ᠃ | ᠦᠨᠳᠦᠰᠦᠨ ᠬᠠᠤᠯᠢ ᠶᠢᠨ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ | ᠠᠵᠢᠯ ᠢ ᠰᠢᠢᠳᠪᠦᠷᠢᠯᠡᠬᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠡᠷᠬᠡ ᠶᠢ ᠬᠠᠤᠯᠢ ᠪᠠᠷ ᠲᠣᠭᠲᠠᠭᠠᠬᠤ᠂ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠬᠦ ᠵᠠᠰᠠᠭ ᠵᠠᠬᠢᠷᠭᠠᠨ ᠤ | ᠬᠠᠤᠯᠢ ᠪᠠᠷ ᠵᠠᠰᠠᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠵᠦᠢ | ᠵᠣᠬᠢᠰᠲᠠᠢ ᠪᠠᠷ ᠵᠠᠰᠠᠭ ᠶᠠᠪᠤᠭᠤᠯᠬᠤ᠂ ᠲᠠᠰ ᠳᠠᠷᠠᠭᠠᠯᠠᠯ ᠨᠢ ᠵᠦᠢ ᠶᠣᠰᠤᠲᠠᠢ᠂ ᠥᠨᠳᠥᠷ ᠦᠷ᠎ᠡ ᠪᠦᠲᠦᠮᠵᠢᠲᠡᠶ ᠪᠠᠷ | ᠠᠷᠠᠳ ᠲᠤ ᠲᠥᠬᠦᠮ ᠦᠵᠡᠭᠦᠯᠬᠦ᠂ ᠦᠨᠡᠨᠴᠢ ᠢᠲᠡᠭᠡᠮᠵᠢᠲᠡᠢ ᠪᠠᠶᠢᠬᠤ᠂ ᠡᠷᠬᠡ ᠬᠠᠷᠢᠭᠤᠴᠠᠯᠭ᠎ᠠ ᠶᠢ ᠨᠢᠭᠡᠳᠦᠯᠲᠡᠢ | ᠪᠠᠶᠢᠯᠭᠠᠬᠤ ᠵᠡᠷᠭᠡ ᠬᠠᠤᠯᠢ ᠶᠣᠰᠣᠭᠠᠷ ᠵᠠᠰᠠᠭ ᠶᠠᠪᠤᠭᠤᠯᠬᠤ ᠦᠨᠳᠦᠰᠦᠨ ᠱᠠᠭᠠᠷᠳᠠᠯᠭ᠎ᠠ ᠶᠢ ᠪᠠᠲᠤ ᠰᠠᠬᠢᠵᠤ᠂ | ᠬᠠᠤᠯᠢ ᠪᠠᠷ ᠵᠠᠰᠠᠬᠤ ᠵᠠᠮ ᠢᠶᠠᠷ ︽ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠠᠵᠢᠯ ᠤᠨ ᠱᠠᠭᠠᠷᠳᠠᠯᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠰᠢᠨ᠎ᠡ ᠪᠠᠷ ᠲᠤᠰᠢᠶᠠᠯ ᠡᠭᠦᠷᠭᠡᠯᠡᠭᠰᠡᠨ ᠤᠳᠤᠷᠢᠳᠬᠤ ᠺᠠᠳ᠋ᠷ | ᠬᠤᠶᠢᠰᠢᠳᠠ ᠶᠢᠨ ᠠᠵᠢᠯ ᠳᠤᠮᠳᠠ ᠪᠠᠨ ᠴᠠᠭ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠮᠠᠷᠲᠠᠵᠤ | ᠪᠣᠯᠬᠤ ᠦᠭᠡᠢ᠂ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠠᠮᠠᠯᠠᠯᠲᠠ ᠪᠠᠨ ᠦᠨᠡᠨᠬᠦ ᠭᠦᠢᠴᠡᠳᠬᠡᠵᠦ᠂ | ᠵᠣᠷᠢᠭᠲᠠᠢ ᠪᠠᠷ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠢᠮᠠᠭᠲᠠ | ᠠᠷᠢᠭᠤᠨ ᠴᠢᠬᠡᠴᠢ ᠪᠠᠶᠢᠬᠤ ᠶᠢ ᠪᠠᠲᠤᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ | ᠦᠭᠡᠢ ᠵᠠᠮᠨᠠᠵᠤ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ | ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ | ᠬᠡᠷᠡᠭᠲᠡᠢ ᠭᠡᠵᠦ ᠱᠠᠭᠠᠷᠳᠠᠪᠠ᠃ | ᠲᠠᠩᠭᠠᠷᠢᠭᠯᠠᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠪᠣᠯᠣᠨ ᠰᠢᠨ᠎ᠡ ᠪᠠᠷ | ᠠᠵᠢᠯ ᠳᠤ ᠣᠷᠣᠭᠰᠠᠨ ᠠᠯᠪᠠᠳᠠᠨ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ | ᠬᠤᠷᠠᠯᠳᠤᠭᠤᠯᠪᠠ᠃ |