ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠦᠯᠲᠡ ᠶᠢᠨ ᠨᠠᠮᠤᠷ ᠡᠪᠦᠯ ᠤᠨ ᠤᠯᠠᠷᠢᠯ ᠳᠠᠬᠢ ᠤᠰᠤᠨ ᠤ  ᠴᠢᠨᠠᠷ ᠤᠨ ᠬᠠᠮᠢᠶᠠᠷᠤᠯᠲᠠ
ᠨᠡᠶᠢᠲᠡᠯᠡᠭᠰᠡᠨ ᠴᠠᠭ᠄
2023/12/7
      ᠤᠮᠠᠷᠠᠲᠤ ᠣᠷᠣᠨ ᠤ ᠨᠠᠮᠤᠷ ᠡᠪᠦᠯ ᠤᠨ ᠤᠯᠠᠷᠢᠯ ᠳᠤ᠂ ᠤᠰᠤᠨ ᠭᠠᠷᠤᠯᠲᠠ ᠶᠢ ᠲᠡᠵᠢᠭᠡᠨ ᠦᠷᠡᠵᠢᠭᠦᠯᠬᠦ ᠳᠤ ᠤᠰᠤᠨ ᠴᠣᠭᠴᠠ ᠶᠢᠨ ᠣᠷᠴᠢᠨ ᠲᠣᠭᠤᠷᠢᠨ ᠤ ᠬᠤᠪᠢᠷᠠᠯᠲᠠ ᠶᠢ ᠠᠩᠬᠠᠷᠬᠤ ᠬᠡᠷᠡᠭᠲᠡᠢ ᠪᠥᠭᠡᠳ ᠴᠠᠭ ᠲᠤᠬᠠᠢ ᠳᠤᠨᠢ ᠤᠰᠤᠨ ᠤ ᠴᠢᠨᠠᠷ ᠢ ᠲᠣᠬᠢᠷᠠᠭᠤᠯᠤᠨ ᠡᠵᠡᠮᠳᠡᠵᠦ᠂ ᠡᠪᠦᠯ ᠣᠷᠣᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠴᠠᠭᠠᠨ ᠰᠢᠭᠦᠳᠡᠷᠢ ᠠᠴᠠ ᠬᠢᠷᠠᠭᠤ ᠤᠨᠠᠬᠤ ᠬᠤᠭᠤᠴᠠᠭᠠᠨ ᠳᠤ᠂ ᠠᠭᠤᠷ ᠠᠮᠢᠰᠬᠤᠯ ᠰᠡᠷᠢᠭᠦᠨ᠂ ᠲᠤᠩᠭᠠᠯᠠᠭ ᠰᠠᠶᠢᠬᠠᠨ ᠪᠠᠶᠢᠳᠠᠭ᠃ ᠨᠠᠮᠤᠷ ᠤᠨ ᠬᠤᠭᠤᠰ ᠤᠨ ᠳᠠᠷᠠᠭ᠎ᠠ ᠬᠦᠢᠲᠡᠨ ᠠᠭᠠᠷ ᠪᠠᠶᠢᠨ ᠳᠠᠬᠢᠨ ᠡᠮᠦᠨᠡᠰᠢ ᠣᠷᠣᠵᠤ᠂ ᠳᠤᠯᠠᠭᠠᠨ ᠤ ᠬᠡᠮᠵᠢᠶ᠎ᠡ ᠪᠠ ᠲᠤᠨᠳᠠᠰᠤ ᠨᠢ ᠥᠩᠭᠡᠨ ᠳᠠᠪᠬᠤᠷᠭ᠎ᠠ ᠶᠢᠨ ᠤᠰᠤᠨ ᠤ ᠳᠤᠯᠠᠭᠠᠨ ᠢ ᠰᠢᠷᠦᠭᠦᠨ ᠢᠶᠠᠷ ᠪᠠᠭᠤᠷᠠᠭᠤᠯᠵᠤ᠂ ᠳᠡᠭᠡᠳᠦ ᠳᠣᠣᠷᠠᠳᠤ ᠳᠠᠪᠬᠤᠷᠭ᠎ᠠ ᠶᠢᠨ ᠤᠰᠤᠨ ᠴᠣᠭᠴᠠ ᠶᠢ ᠠᠮᠠᠷᠬᠠᠨ ᠤᠷᠢᠳᠴᠢᠯᠠᠨ ᠰᠣᠯᠢᠭ ᠤᠷᠤᠰᠬᠠᠯ ᠳᠤ ᠣᠷᠣᠭᠤᠯᠵᠤ᠂ ᠢᠷᠤᠭᠠᠷ ᠤᠨ ᠬᠡᠰᠡᠭ ᠲᠤᠨᠢ ᠬᠦᠴᠢᠯᠲᠥ᠋ᠷᠥᠭᠴᠢ ᠳᠤᠲᠠᠭᠳᠠᠬᠤ᠂ ᠬᠤᠣᠷᠲᠤ ᠪᠣᠳᠠᠰ ᠰᠢᠷᠦᠭᠦᠨ ᠨᠡᠮᠡᠭᠳᠡᠨ᠂ ᠵᠠᠮᠠᠭ ᠤᠨ ᠲᠥᠷᠥᠯ ᠤᠨ ᠰᠦᠷᠦᠭ ᠠᠮᠠᠷᠬᠠᠨ ᠤᠰᠠᠳᠴᠤ᠂ ᠰᠢᠷᠦᠭᠦᠨ ᠬᠤᠪᠢᠷᠠᠯᠲᠠ ᠲᠠᠢ ᠴᠠᠭ ᠠᠭᠤᠷ ᠲᠤ ᠠᠮᠠᠷᠬᠠᠨ ᠵᠠᠮᠠᠭ ᠤᠨᠠᠵᠤ ᠤᠰᠤ ᠡᠷᠭᠢᠳᠡᠭ᠃ ᠮᠠᠨᠠᠨ ᠲᠠᠢ ᠡᠳᠦᠷ ᠨᠡᠮᠡᠭᠳᠡᠵᠦ᠂ ᠠᠭᠠᠷ ᠤᠨ ᠳᠠᠷᠤᠯᠲᠠ ᠳᠣᠣᠷ᠎ᠠ ᠪᠣᠯᠪᠠᠯ ᠤᠰᠤᠨ ᠳᠤ ᠠᠮᠠᠷᠬᠠᠨ ᠬᠦᠴᠢᠯᠲᠥ᠋ᠷᠥᠭᠴᠢ ᠳᠤᠲᠠᠭᠳᠠᠬᠤ ᠪᠣᠯᠣᠨ᠎ᠠ᠂ ᠡᠨᠡ ᠦᠶ᠎ᠡ ᠳᠤ ᠤᠰᠤᠨ ᠤ ᠴᠢᠨᠠᠷ ᠢ ᠲᠣᠬᠢᠷᠠᠭᠤᠯᠤᠨ ᠡᠵᠡᠮᠳᠡᠬᠦ ᠨᠢ ᠨᠠᠩ ᠴᠢᠬᠤᠯᠠ ᠪᠣᠯᠣᠨ᠎ᠠ᠃      ᠭᠤᠣᠯ ᠠᠷᠭᠠᠴᠠᠬᠤ ᠠᠷᠭ᠎ᠠ᠄ ᠠᠭᠠᠷ ᠤᠨ ᠳᠤᠯᠠᠭᠠᠨ ᠪᠠᠭᠤᠷᠠᠭᠰᠠᠨ ᠠᠴᠠ ᠪᠣᠯᠵᠤ᠂ ᠮᠠᠰᠢ ᠣᠯᠠᠨ  ᠴᠦᠭᠦᠷᠦᠮ ᠤᠨ ᠤᠰᠤᠨ ᠤ ᠴᠢᠨᠠᠷ ᠨᠢ ᠨᠡᠯᠢᠶᠡᠳ ᠬᠥᠩᠭᠡᠨ ᠪᠠᠶᠢᠵᠤ᠂ ᠡᠪᠦᠯ ᠣᠷᠣᠬᠤ ᠠᠴᠠ ᠡᠮᠦᠨᠡᠬᠢ ᠵᠢᠭᠠᠰᠤᠨ ᠴᠦᠬᠦᠷᠦᠮ ᠤᠨ ᠤᠰᠤᠨ ᠤ ᠴᠢᠨᠠᠷ ᠢ ᠨᠠᠩ ᠢᠯᠡᠭᠦᠦ ᠰᠢᠮᠡᠵᠢᠬᠦᠯᠬᠦ ᠬᠡᠷᠡᠭᠲᠡᠢ᠃ ᠡᠶᠢᠮᠦ ᠠᠴᠠ ᠲᠤᠩᠭᠠᠯᠠᠭ ᠰᠠᠶᠢᠬᠠᠨ ᠡᠳᠦᠷ ᠤᠰᠤ ᠶᠢ ᠰᠢᠮᠡᠵᠢᠭᠦᠯᠬᠦ ᠠᠵᠢᠯ ᠢ ᠬᠢᠵᠦ᠂ ᠤᠰᠤ ᠶᠢ ᠰᠢᠮᠡᠯᠢᠭ ᠮᠦᠷᠲᠡᠭᠡᠨ ᠲᠠᠭᠠᠯᠠᠮᠵᠢᠲᠠᠢ ᠪᠣᠯᠭᠠᠨ᠂ ᠬᠦᠴᠢᠯᠲᠥ᠋ᠷᠥᠭᠴᠢ ᠭᠦᠢᠴᠡᠳ ᠠᠭᠤᠰᠬᠤ ᠶᠢ ᠪᠠᠲᠤᠯᠠᠵᠤ᠂ ᠤᠰᠤᠨ ᠤ ᠴᠢᠨᠠᠷ ᠢ ᠲᠣᠭᠲᠠᠪᠤᠷᠢᠵᠢᠭᠤᠯᠤᠨ᠎ᠠ᠃ ᠵᠢᠭᠠᠰᠤᠨ ᠴᠥᠭᠦᠷᠥᠮ ᠳᠤ ᠤᠷᠢᠳᠠᠪᠡᠷ ᠬᠢᠮᠢ ᠶᠢᠨ ᠪᠣᠷᠳᠣᠭᠤᠷ ᠢ ᠬᠡᠷᠡᠭᠯᠡᠵᠦ᠂ ᠲᠠᠷᠠᠭ᠎ᠠ ᠪᠠᠷ ᠨᠢ ᠣᠷᠭᠠᠨᠢᠭ ᠪᠣᠷᠳᠣᠭᠤᠷ ᠢ ᠨᠦᠬᠦᠵᠦ ᠪᠣᠯᠣᠨ᠎ᠠ᠃   
图片1.png
       ᠤᠰᠤᠨ ᠤ ᠴᠢᠨᠠᠷ ᠨᠢ ᠲᠣᠭᠲᠠᠪᠤᠷᠢ ᠦᠭᠡᠢ ᠪᠠᠶᠢᠪᠠᠯ᠂ ᠭᠡᠷᠡᠯ ᠤᠨ ᠨᠡᠶᠢᠯᠡᠯᠭᠡ ᠶᠢᠨ ᠪᠠᠺᠲ᠋ᠧᠷᠢ ᠪᠠᠷ ᠭᠤᠣᠯ ᠪᠣᠯᠭᠠᠭᠰᠠᠨ ᠪᠠᠺᠲ᠋ᠧᠷᠢ ᠶᠢᠨ ᠲᠦᠷᠦᠯ ᠢ ᠬᠡᠷᠡᠭᠯᠡᠨ ᠤᠰᠤ ᠶᠢ ᠲᠣᠭᠲᠠᠪᠤᠷᠢᠵᠢᠭᠤᠯᠤᠨ᠎ᠠ︔ ᠤᠰᠤᠨ ᠴᠣᠭᠴᠠ ᠨᠢ ᠥᠳᠬᠡᠨ ᠪᠤᠯᠠᠩᠭᠢᠷ᠂ ᠬᠠᠷᠠᠯᠠᠭᠰᠠᠨ ᠪᠠᠶᠢᠪᠠᠯ᠂ ᠰᠫᠣᠷᠲᠦ ᠰᠠᠪᠬᠠᠨᠴᠢᠷ ᠪᠠᠺᠲ᠋ᠧᠷᠢ ᠪᠤᠶᠤ ᠰᠦᠨ ᠬᠦᠴᠢᠯ ᠤᠨ ᠪᠠᠺᠲ᠋ᠧᠷᠢ ᠪᠠᠷ ᠭᠤᠣᠯ ᠪᠣᠯᠭᠠᠭᠰᠠᠨ ᠪᠠᠺᠲ᠋ᠧᠷᠢ ᠶᠢᠨ ᠲᠥᠷᠥᠯ ᠢᠶᠠᠷ ᠣᠷᠭᠠᠨᠢᠭ ᠡᠳ᠋ ᠢ ᠵᠠᠳᠠᠷᠠᠭᠤᠯᠤᠨ᠂ ᠤᠰᠤᠨ ᠤ ᠴᠢᠨᠠᠷ ᠢ ᠴᠡᠪᠡᠷᠰᠢᠭᠦᠯᠦᠨ᠎ᠡ᠃ 10 ᠰᠠᠷ᠎ᠠ ᠶᠢᠨ ᠰᠡᠭᠦᠯᠴᠢ ᠪᠠᠷ ᠰᠠᠮ ᠬᠤᠷᠣᠬᠠᠢ ᠶᠢᠨ ᠴᠥᠭᠦᠷᠥᠮ ᠤᠨ ᠤᠰᠤᠨ ᠤ ᠲᠦᠪᠰᠢᠨ ᠢ ︵1.6 — 1.8m︶ ᠲᠡᠭᠡᠭᠰᠢᠯᠡᠭᠦᠯᠬᠦ ᠬᠡᠷᠡᠭᠲᠡᠢ᠂ ᠪᠣᠷᠳᠣᠭᠤᠷ ᠤᠰᠤ ᠪᠠᠷ ᠵᠠᠮᠠᠭ ᠢ ᠬᠠᠮᠠᠭᠠᠯᠠᠬᠤ ︵ᠲᠤᠩᠭᠠᠯᠠᠭ ᠤᠨ ᠬᠡᠮᠵᠢᠶ᠎ᠡ ᠨᠢ 30 — 40cm︶   ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号