ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠪᠣᠯᠣᠨ ᠰᠢᠨ᠎ᠡ ᠪᠠᠷ ᠠᠵᠢᠯ ᠳᠤ ᠣᠷᠣᠭᠰᠠᠨ ᠬᠥᠮᠥᠰ ᠤᠨ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/8
      12 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠰᠢᠨ᠎ᠡ ᠪᠠᠷ ᠲᠤᠰᠢᠶᠠᠯ ᠡᠭᠦᠷᠭᠡᠯᠡᠭᠰᠡᠨ ᠺᠠᠳ᠋ᠷ ᠪᠣᠯᠣᠨ ᠰᠢᠨ᠎ᠡ ᠪᠠᠷ ᠠᠵᠢᠯ ᠳᠤ ᠣᠷᠣᠭᠰᠠᠨ ᠬᠥᠮᠥᠰ ᠤᠨ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᠵᠢᠶᠦ᠋ᠨ ᠬᠠᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠶ᠎ᠠ ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ 
图1.png
       ᠯᠢ ᠵᠢᠶᠦ᠋ᠨ ᠬᠠᠢ ᠱᠠᠭᠠᠷᠳᠠᠭᠰᠠᠨ ᠨᠢ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠪᠣᠯᠣᠨ ᠰᠢᠨ᠎ᠡ ᠪᠠᠷ ᠠᠵᠢᠯ ᠳᠤ ᠣᠷᠣᠭᠰᠠᠨ ᠬᠥᠮᠥᠰ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠬᠤᠷᠢᠭ᠎ᠠ ᠱᠤᠭᠤᠮ ᠤᠨ ᠤᠬᠠᠮᠰᠠᠷ ᠲᠠᠢ ᠪᠠᠶᠢᠵᠤ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠳᠥᠷᠪᠡᠨ ᠰᠤᠷᠲᠠᠯ︾ ᠤᠨ ᠠᠰᠠᠭᠤᠳᠠᠯ ᠢ ᠡᠷᠡᠰ ᠬᠤᠷᠢᠭᠯᠠᠵᠤ᠂ ᠴᠠᠭ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠵᠤ᠂ ᠤᠯᠠᠭᠠᠨ‌‍ᠱᠤᠭᠤᠮ ᠢ ᠪᠠᠳᠤ ᠰᠠᠬᠢᠵᠤ ᠂ ᠬᠤᠷᠢᠭ᠎ᠠ ᠱᠤᠭᠤᠮ ᠳᠤ ᠭᠠᠷ ᠬᠦᠷᠬᠦ ᠦᠭᠡᠢ᠃ ᠰᠠᠬᠢᠯᠭ᠎ᠠ ᠪᠠᠲᠤ ᠶᠢ ᠰᠠᠬᠢᠬᠤ ᠂ ᠶᠣᠰᠣ ᠳᠦᠷᠢᠮ ᠢ ᠡᠷᠬᠢᠮᠯᠡᠬᠦ ᠶᠢᠨ ᠴᠢᠬᠤᠯᠠ ᠴᠢᠨᠠᠷ ᠪᠠ ᠲᠥᠪ ᠴᠢᠩᠭ᠎ᠠ ᠴᠢᠨᠠᠷ ᠢ ᠮᠡᠳᠡᠵᠤ ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠰᠠᠬᠢᠵᠤ ᠂ ᠪᠡᠶ᠎ᠡ ᠪᠠᠨ ᠪᠠᠷᠢᠬᠤ ᠤᠬᠠᠮᠰᠠᠷ ᠢᠶᠠᠨ ᠴᠢᠩᠭᠠᠳᠬᠠᠵᠤ ᠂ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠃ ᠭᠡᠷ ᠪᠦᠯᠢ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠢ ᠴᠢᠬᠤᠯᠠᠴᠢᠯᠠᠨ᠂ ᠠᠵᠢᠯᠯᠠᠬᠤ ᠴᠠᠭ ᠠᠴᠠ ᠭᠠᠳᠠᠨᠠᠬᠢ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ︽ᠠᠮᠢᠳᠤᠷᠠᠯ ᠤᠨ ᠬᠦᠷᠢᠶ᠎ᠡ︾᠂ ︽ᠠᠵᠢᠯᠯᠠᠭᠠᠨ ᠤ ᠬᠦᠷᠢᠶ᠎ᠡ︾᠂ ︽ᠨᠡᠶᠢᠭᠡᠮ ᠤᠨ ᠬᠠᠷᠢᠯᠴᠠᠭᠠᠨ ᠤ ᠬᠦᠷᠢᠶ᠎ᠡ︾ ᠶᠢ ᠤᠬᠠᠮᠰᠠᠷ ᠠᠴᠠ ᠪᠠᠨ ᠴᠡᠪᠡᠷᠰᠢᠭᠦᠯᠬᠦ ᠬᠡᠷᠡᠭᠲᠡᠢ᠃ ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠵᠤ ᠂ ︽ ᠲᠡᠮᠦᠷ ᠮᠥᠷᠥ ︾  ᠶᠢ ᠱᠤᠭᠤᠵᠤ ᠂ ᠬᠥᠭᠵᠢᠯᠲᠡ ᠶᠢᠨ ᠰᠡᠳᠬᠢᠴᠡ ᠶᠢᠨ ᠰᠢᠨ᠎ᠡ ᠶᠢ ᠡᠭᠦᠳᠴᠦ ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠂ ︽ ᠰᠠᠯᠠᠩ᠂ ᠪᠦᠳᠦᠭᠦᠯᠢᠭ ᠂ ᠬᠤᠳᠠᠯ︾ ᠢ ᠲᠡᠪᠴᠢᠵᠦ ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃ 
图2.png
       ᠵᠣᠣ ᠢᠦᠢ ᠱᠧᠩ ᠵᠢᠭᠠᠵᠤ ᠭᠠᠷᠭᠠᠭᠰᠠᠨ ᠨᠢ᠂ ᠰᠢᠨ᠎ᠡ ᠪᠠᠷ ᠲᠤᠰᠢᠶᠠᠯ ᠳᠤ ᠭᠠᠷᠤᠭᠰᠠᠨ ᠺᠠᠳ᠋ᠷ ᠪᠣᠯᠣᠨ ᠰᠢᠨ᠎ᠡ ᠪᠠᠷ ᠠᠵᠢᠯ ᠳᠤ ᠣᠷᠣᠭᠰᠠᠨ ᠬᠥᠮᠥᠰ ᠤᠨ ᠬᠠᠮᠲᠤ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠤ ᠵᠣᠷᠢᠯᠭ᠎ᠠ ᠪᠣᠯ ᠮᠠᠨ ᠤ ᠺᠠᠳ᠋ᠷᠴᠤᠳ ᠢ ᠨᠠᠮ ᠪᠣᠯᠣᠨ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠶᠢ ᠰᠢᠪᠠᠳᠠᠨ ᠱᠠᠭᠠᠷᠳᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ ᠬᠠᠮᠲᠤ ᠪᠠᠰᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠥᠨᠳᠥᠷ ᠪᠠᠷᠢᠮᠵᠢᠶ᠎ᠠ ᠪᠠᠷ ᠴᠢᠩᠭ᠎ᠠ ᠱᠠᠭᠠᠷᠳᠠᠵᠤ᠂ ᠰᠢᠨ᠎ᠡ ᠠᠵᠢᠯ ᠤᠨ ᠪᠠᠶᠢᠷᠢ᠂ ᠰᠢᠨ᠎ᠡ ᠡᠬᠢᠯᠡᠯᠲᠡ ᠶᠢᠨ ᠴᠡᠭ ᠳᠡᠭᠡᠷ᠎ᠡ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠴᠤᠭ ᠰᠦᠯᠳᠡ ᠪᠠᠷ ᠢᠶᠠᠨ ᠨᠠᠮ ᠪᠣᠯᠣᠨ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠰᠠᠶᠢᠨ ᠭᠦᠢᠴᠡᠳᠬᠡᠬᠦ  ᠶᠢᠨ ᠲᠥᠯᠥᠭᠡ ᠶᠤᠮ ᠭᠡᠵᠡᠢ᠃ 
图3.png
       ᠵᠤᠤ ᠢᠦᠢ ᠱᠧᠩ ᠴᠢᠬᠤᠯᠠᠴᠢᠯᠠᠭᠰᠠᠨ ᠨᠢ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠬᠤ ᠬᠡᠷᠡᠭᠲᠡᠢ ᠃ ᠢᠮᠠᠭᠲᠠ ᠨᠠᠮ ᠳᠠᠭᠠᠨ ᠲᠤᠶᠢᠯ ᠤᠨ ᠦᠨᠡᠨᠴᠢ ᠰᠢᠳᠤᠷᠭᠤ ᠪᠠᠶᠢᠵᠤ ᠂ ᠴᠠᠭ ᠢᠮᠠᠭᠲᠠ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠂ ᠡᠯ᠎ᠡ ᠵᠦᠢᠯ ᠤᠨ ᠠᠵᠢᠯ ᠤᠨ ᠳᠤᠮᠳᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠥᠴᠥᠬᠡᠨ ᠴᠦ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠰᠠᠬᠢᠵᠤ ᠶᠣᠰᠣ ᠳᠦᠷᠢᠮ ᠢ ᠡᠷᠬᠢᠮᠯᠡᠵᠦ ᠂ ᠠᠷᠢᠭᠤᠨ ᠴᠢᠬᠡᠴᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠬᠤ ᠬᠡᠷᠡᠭᠲᠡᠢ ᠃ ᠤᠯᠤᠰ ᠲᠦᠷᠦ ᠶᠢᠨ ᠰᠠᠬᠢᠯᠭ᠎ᠠ ᠪᠠᠲᠤ ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠂ ᠠᠵᠢᠯ ᠤᠨ ᠰᠠᠬᠢᠯᠭ᠎ᠠ ᠪᠠᠲᠤ ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠂ ᠤᠯᠠᠨ ᠲᠦᠮᠡᠨ ᠤ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠴᠠᠭ ᠢᠮᠠᠭᠲᠠ ᠪᠠᠲᠤ ᠴᠡᠭᠡᠵᠢᠯᠡᠵᠦ ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ ᠂ ︽ ᠲᠣᠮᠣᠷᠠᠭᠤᠯᠤᠭᠴᠢ ᠰᠢᠯ ︾ ᠤᠨ ᠳᠣᠣᠷ᠎ᠠ ᠡᠷᠬᠡ ᠪᠠᠨ ᠬᠡᠷᠡᠭᠯᠡᠬᠦ ᠂ ︽ ᠬᠠᠶᠢᠭᠤᠯ ᠳ᠋ᠧᠩ ︾ ᠤᠨ ᠳᠣᠣᠷ᠎ᠠ ᠠᠵᠢᠯᠯᠠᠵᠤ ᠠᠮᠢᠳᠤᠷᠠᠬᠤ ᠳᠤ ᠳᠠᠳᠬᠤ ᠬᠡᠷᠡᠭᠲᠡᠢ᠃ ᠥᠪᠡᠷ ᠢ ᠪᠠᠨ ᠴᠢᠩᠭ᠎ᠠ ᠱᠠᠭᠠᠷᠳᠠᠵᠤ᠂ ︽ᠨᠠᠢᠮᠠᠨ ᠴᠠᠭ ᠤᠨ ᠳᠣᠲᠣᠷ᠎ᠠ︾ ᠰᠠᠬᠢᠯᠭ᠎ᠠ ᠪᠠᠲᠤ ᠶᠢ ᠡᠷᠬᠢᠮᠯᠡᠨ᠂ ︽ᠨᠠᠢᠮᠠᠨ ᠴᠠᠭ ᠤᠨ ᠭᠠᠳᠠᠨ᠎ᠠ︾ ᠶᠣᠰᠣ ᠳᠦᠷᠢᠮ ᠢ ᠰᠠᠬᠢᠵᠤ᠂ ᠲᠠᠶᠢᠰᠠᠨ ᠤ ᠲᠡᠭᠡᠷ᠎ᠡ ᠪᠠ ᠲᠠᠶᠢᠰᠠᠨ ᠤ ᠳᠣᠣᠷ᠎ᠠ ᠭᠠᠳᠠᠷ ᠳᠣᠲᠣᠷ ᠢ ᠠᠳᠠᠯᠢ ᠪᠠᠶᠢᠯᠭᠠᠬᠤ ᠬᠡᠷᠡᠭᠲᠡᠢ᠃ ᠰᠤᠷᠤᠯᠴᠠᠯᠭ᠎ᠠ ᠪᠠᠨ ᠴᠢᠩᠭᠠᠳᠬᠠᠬᠤ ᠶᠢ ᠪᠠᠷᠢᠮᠲᠠᠯᠠᠵᠤ ᠂ ᠠᠵᠢᠯ ᠬᠢᠬᠦ ᠴᠢᠳᠠᠪᠤᠷᠢ ᠪᠠᠨ ᠪᠣᠯᠪᠠᠰᠤᠷᠠᠭᠤᠯᠬᠤ ᠬᠡᠷᠡᠭᠲᠡᠢ ᠃ ᠪᠢᠳᠠ ᠤᠷᠢᠳᠤ ᠡᠮᠦᠨ᠎ᠡ ᠪᠠᠶᠢᠭ᠎ᠠ ᠦᠭᠡᠢ ᠬᠤᠪᠢᠰᠤᠯᠲᠠ ᠶᠢᠨ ᠴᠠᠭ ᠦᠶ᠎ᠡ ᠳᠤ ᠣᠷᠣᠰᠢᠵᠤ ᠂ ᠤᠷᠢᠳᠤ ᠡᠮᠦᠨ᠎ᠡ ᠪᠠᠶᠢᠭ᠎ᠠ ᠤᠶᠢᠭᠡᠢ ᠠᠭᠤᠤ ᠶᠡᠭᠡ ᠦᠢᠯᠡᠰ ᠢ ᠪᠦᠲᠦᠭᠡᠵᠦ ᠪᠠᠶᠢᠭ᠎ᠠ ᠪᠣᠯᠬᠤᠷ ᠬᠡᠷᠪᠡ ᠮᠡᠳᠡᠯᠭᠡ ᠮᠡᠬᠦᠰ ᠂ ᠬᠠᠷᠠᠴᠠ ᠢᠪᠴᠤᠤ᠂ ᠴᠢᠳᠠᠪᠤᠷᠢ ᠠᠨᠠᠢ ᠪᠣᠯ ᠤᠴᠢᠷ ᠶᠠᠪᠤᠳᠠᠯ ᠢ ᠰᠠᠭᠠᠲᠠᠭᠠᠬᠤ ᠳᠤ ᠬᠦᠷᠦᠨ᠎ᠡ ᠃ ᠵᠠᠯᠠᠭᠤ ᠺᠠᠳ᠋ᠷᠴᠤᠳ ᠤᠶᠦᠠ ᠴᠢᠳᠠᠯ ᠲᠡᠭᠦᠯᠳᠡᠷ ᠂ ᠰᠡᠳᠬᠢᠬᠦᠢ ᠢᠳᠡᠪᠬᠢᠲᠡᠢ ᠂ ᠭᠥᠯᠢᠶᠡᠨ ᠠᠪᠬᠤ ᠴᠢᠳᠠᠪᠤᠷᠢ ᠴᠢᠩᠭ᠎ᠠ ᠮᠦᠷᠲᠡᠭᠡᠨ ᠶᠠᠭ ᠡᠷᠳᠡᠮ ᠴᠢᠳᠠᠪᠤᠷᠢ ᠪᠠᠨ ᠳᠡᠭᠡᠭᠰᠢᠯᠡᠭᠦᠯᠬᠦ ᠶᠡᠭᠡ ᠰᠠᠶᠢᠨ ᠴᠠᠭ ᠦᠶ᠎ᠡ ᠳᠤ ᠣᠷᠣᠰᠢᠵᠤ ᠪᠠᠶᠢᠭ᠎ᠠ ᠪᠣᠯᠬᠤᠷ ᠵᠠᠪᠠᠯ ᠴᠠᠭ ᠮᠥᠴᠡ ᠶᠢ ᠨᠠᠨᠳᠢᠩᠨᠠᠵᠤ ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ ᠪᠠᠷ ᠴᠠᠭ ᠮᠥᠴᠡ ᠶᠢ ᠠᠯᠳᠠᠯ ᠦᠭᠡᠢ ᠴᠢᠷᠮᠠᠶᠢᠨ ᠰᠤᠷᠤᠯᠴᠠᠵᠤ ᠂ ᠴᠠᠭ ᠮᠥᠴᠡ ᠶᠢ ᠠᠯᠳᠠᠯ ᠦᠭᠡᠢ ᠪᠠᠷ ᠰᠢᠮᠳᠠᠨ ᠰᠤᠷᠤᠯᠴᠠᠵᠤ ᠂ ᠴᠠᠭ ᠮᠥᠴᠡ ᠶᠢ ᠠᠯᠳᠠᠯ ᠤᠶᠢᠭᠡᠢ ᠪᠠᠷ ᠳᠡᠭᠡᠭᠰᠢᠯᠡᠭᠦᠯᠬᠦ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ ᠂ ᠠᠵᠢᠯ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠃ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠥᠭᠴᠦ᠂ ᠬᠠᠷᠢᠭᠤᠴᠠᠯᠭ᠎ᠠ ᠡᠭᠦᠷᠭᠡᠯᠡᠨ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ︽ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ︾ ᠶᠢ ᠬᠢᠨᠠᠮᠠᠭᠠᠢ ᠭᠦᠢᠴᠡᠳᠬᠡᠵᠦ ᠂ ᠨᠠᠮ ᠤᠨ ᠬᠠᠮᠢᠶᠠᠷᠤᠯᠲᠠ ᠨᠠᠮ ᠤᠨ ᠵᠠᠰᠠᠯᠲᠠ ᠶᠢ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠠᠭᠤᠰᠬᠠᠨ ᠣᠷᠣᠭᠤᠯᠵᠤ ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠶᠢᠨ ᠠᠵᠢᠯ ᠢᠶᠠᠷ ᠭᠠᠵᠠᠷ ᠲᠠᠰᠤᠭ ᠤᠨ ᠲᠤᠬᠠᠶᠢᠯᠠᠭᠰᠠᠨ ᠠᠵᠢᠯ ᠤᠨ ᠴᠢᠨᠠᠷ ᠰᠠᠶᠢᠲᠠᠢ ᠥᠷᠨᠢᠬᠦ ᠶᠢ ᠲᠦᠯᠬᠢᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠣᠰ ᠪᠡᠶ᠎ᠡ ᠶᠢᠨ ᠠᠵᠢᠯ ᠢᠶᠠᠨ ᠥᠪᠡᠷᠲᠡᠭᠡᠨ ᠵᠠᠰᠠᠬᠤ ᠣᠷᠣᠨ ᠤ ᠠᠯᠤᠰ ᠬᠡᠲᠦ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠴᠢᠬᠤᠯᠠ ᠶᠡᠭᠡ ᠠᠵᠢᠯ ᠤᠨ ᠡᠭᠦᠷᠭᠡ ᠲᠠᠢ ᠤᠶᠠᠯᠳᠤᠭᠤᠯᠤᠨ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢ ᠲᠡᠷᠢᠭᠦᠨ ᠳᠤ ᠳᠠᠯᠪᠢᠭᠰᠠᠨ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠪᠡ ᠃      ᠵᠣᠣ ᠢᠦᠢ ᠱᠧᠩ ᠵᠢᠭᠠᠵᠤ ᠭᠠᠷᠭᠠᠭᠰᠠᠨ ᠨᠢ᠂ ᠰᠢᠨ᠎ᠡ ᠴᠠᠭ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠹᠷᠣᠨᠲ ᠤᠨ ᠨᠢᠭᠡᠨ ᠰᠢᠯᠢᠳᠡᠭ ᠺᠠᠳ᠋ᠷ ᠪᠣᠯᠵᠤ᠂ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ  ᠂ ᠡᠭᠦᠷᠭᠡ ᠢᠷᠠᠭᠤ ᠠᠯᠳᠠᠷᠲᠠᠢ ᠃ ᠤᠯᠠᠨ ᠢᠶᠠᠷ ᠢᠶᠠᠨ ᠠᠵᠢᠯ ᠤᠨ ᠪᠠᠶᠢᠷᠢ ᠪᠠᠨ ᠨᠠᠨᠳᠢᠩᠨᠠᠵᠤ ᠂ ᠥᠪᠡᠷ ᠤᠨ ᠤᠯᠤᠰ ᠲᠦᠷᠦ ᠶᠢᠨ ᠢᠷᠡᠭᠡᠳᠦᠢ ᠪᠠᠨ ᠨᠠᠨᠳᠢᠩᠨᠠᠵᠤ ᠂ ᠤᠯᠠᠨ ᠲᠦᠮᠡᠨ ᠤ ᠢᠲᠡᠭᠡᠯ ᠪᠣᠯᠣᠨ ᠵᠣᠬᠢᠶᠠᠨ ᠪᠠᠶᠢᠭᠤᠯᠤᠯᠲᠠ ᠶᠢᠨ ᠬᠦᠰᠡᠯ ᠡᠷᠡᠮᠡᠯᠵᠡᠯ ᠢᠶᠠᠨ ᠨᠠᠨᠳᠢᠩᠨᠠᠵᠤ ᠂ ᠰᠢᠨ᠎ᠡ ᠠᠵᠢᠯ ᠤᠨ ᠪᠠᠶᠢᠷᠢ ᠶᠢ ᠰᠢᠨ᠎ᠡ ᠡᠬᠢᠯᠡᠯᠲᠡ ᠶᠢᠨ ᠴᠡᠭ ᠪᠣᠯᠭᠠᠵᠤ ᠂ ᠰᠢᠨ᠎ᠡ ᠳᠦᠷᠢ ᠳᠤ ᠲᠦᠷᠭᠡᠨ ᠵᠣᠬᠢᠴᠠᠵᠤ ᠂ ᠬᠤᠪᠢ ᠲᠠᠬᠢᠨ ᠴᠢᠷᠮᠠᠶᠢᠨ ᠠᠵᠢᠯᠯᠠᠵᠤ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠵᠤ ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠢ᠃ 
图4.png
       ᠲᠢᠩᠬᠢᠮ ᠤᠨ ᠰᠢᠰᠲ᠋ᠧᠮ ᠤᠨ ᠰᠢᠨ᠎ᠡ ᠪᠠᠷ ᠲᠤᠰᠢᠶᠠᠯ ᠡᠭᠦᠷᠭᠡᠯᠡᠭᠰᠡᠨ 110 ᠺᠠᠳ᠋ᠷ ᠪᠣᠯᠣᠨ ᠰᠢᠨ᠎ᠡ ᠪᠠᠷ ᠠᠵᠢᠯ ᠳᠤ ᠣᠷᠣᠭᠰᠠᠨ ᠬᠥᠮᠥᠰ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号