2 ᠰᠠᠷ᠎ᠠ ᠶᠢᠨ 7— 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠭᠦᠸᠧ ᠵᠠᠨ ᠵᠢᠶᠠᠩ ᠨᠠᠷ ᠪᠡᠭᠡᠵᠢᠩ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠵᠠᠬ᠎ᠠ ᠳᠡᠯᠭᠡᠭᠦᠷ ᠬᠢᠭᠡᠳ ᠮᠡᠳᠡᠭᠡ ᠵᠠᠩᠭᠢᠵᠢᠯᠲᠠ ᠶᠢᠨ ᠵᠤᠷᠭᠠᠨ᠂ ᠳᠤᠮᠳᠠᠳᠤ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠨᠡᠶᠢᠭᠡᠮᠯᠢᠭ ᠲᠠᠢ ᠲᠤᠰ ᠪᠦᠷᠢ ᠵᠣᠯᠭᠠᠭᠤᠯᠵᠤ᠂ ᠤᠯᠤᠰ ᠤᠨ | ᠲᠠᠷᠢᠶᠠᠯᠠᠩ ᠤᠨ ᠨᠠᠷᠠᠲᠤ ᠲᠡᠮᠳᠡᠭᠲᠦ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠥᠪᠥᠷ ᠮᠣᠩᠭᠤᠯ ᠤᠨ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠬᠤ ᠡᠭᠦᠷᠭᠡ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ | ᠪᠦᠲᠦᠭᠡᠨ ᠪᠠᠶᠢᠭᠤᠯᠤᠯᠲᠠ ᠶᠢᠨ ᠣᠳᠣᠬᠢ ᠪᠠᠶᠢᠳᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠰᠢ ᠭᠠᠷᠭᠠᠬᠤ ᠳᠤ ᠣᠷᠣᠰᠢᠵᠤ ᠪᠠᠶᠢᠭ᠎ᠠ ᠠᠰᠠᠭᠤᠳᠠᠯ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠪᠠ ᠰᠤᠳᠤᠯᠤᠨ ᠶᠠᠷᠢᠯᠴᠠᠪᠠ᠃ | | | | | | ᠭᠦᠸᠧ ᠵᠠᠨ ᠵᠢᠶᠠᠩ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠬ᠎ᠠ ᠳᠡᠯᠭᠡᠭᠦᠷ ᠬᠢᠭᠡᠳ ᠮᠡᠳᠡᠭᠡ | ᠵᠠᠩᠭᠢᠵᠢᠯᠲᠠ ᠶᠢᠨ ᠵᠤᠷᠭᠠᠨ ᠪᠣᠯᠣᠨ ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠨᠡᠶᠢᠭᠡᠮᠯᠢᠭ ᠤᠨ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ | ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠪᠣᠯᠣᠨ ᠠᠩᠬᠠᠷᠤᠯ ᠳᠤ ᠲᠠᠯᠠᠷᠬᠠᠵᠤ | ᠪᠠᠶᠢᠭ᠎ᠠ ᠰᠡᠳᠬᠢᠯᠭᠡ ᠪᠠᠨ ᠢᠯᠡᠳᠬᠡᠭᠰᠡᠨ ᠤ ᠬᠠᠮᠳᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠤᠰᠬᠠᠢ | ᠮᠡᠷᠭᠡᠵᠢᠯ ᠤᠨ ᠨᠡᠶᠢᠭᠡᠮᠯᠢᠭ ᠤᠨ ᠬᠢᠨ ᠬᠤᠶᠢᠰᠢᠳᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢ ᠨᠡᠩ ᠢᠯᠡᠭᠦᠦ ᠠᠩᠬᠠᠷᠴᠤ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠲᠦᠷᠦ ᠶᠢᠨ ᠪᠣᠳᠣᠯᠭ᠎ᠠ ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠨᠡᠷᠡᠲᠦ ᠲᠡᠮᠳᠡᠭ ᠢ | ᠬᠠᠪᠰᠤᠷᠤᠨ ᠲᠡᠳᠬᠦᠬᠦ ᠂ ᠰᠣᠳᠣᠨ ᠨᠡᠷᠡᠲᠦ ᠲᠡᠮᠳᠡᠭ ᠢ ᠪᠣᠶᠢᠵᠢᠭᠤᠯᠬᠤ ᠂ ᠵᠠᠬ᠎ᠠ ᠳᠡᠯᠭᠡᠭᠦᠷ ᠤᠨ ᠠᠷᠭ᠎ᠠ ᠵᠠᠮ ᠢ | ᠥᠷᠭᠡᠳᠬᠡᠬᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠪᠠᠷ ᠨᠡᠩ ᠢᠯᠡᠭᠦᠦ ᠳᠡᠮᠵᠢᠯᠭᠡ | ᠦᠵᠡᠭᠦᠯᠬᠦ ᠶᠢ ᠬᠦᠰᠡᠪᠡ ᠃ | | | | | ᠪᠡᠭᠡᠵᠢᠩ ᠳᠤ ᠪᠠᠶᠢᠬᠤ ᠬᠤᠭᠤᠴᠠᠭᠠᠨ ᠳᠠᠭᠠᠨ ᠂ ᠭᠦᠸᠧ ᠵᠠᠨ ᠵᠢᠶᠠᠩ ᠤᠲᠤᠭ ᠬᠤᠰᠢᠭᠤᠨ ᠤ ᠬᠥᠳᠡᠭᠡ | ᠲᠣᠰᠬᠤᠨ ᠤ ᠬᠦᠭᠵᠢᠨ ᠮᠠᠨᠳᠤᠯᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠣᠭᠴᠠ ᠶᠢ | ᠪᠦᠲᠦᠭᠡᠨ ᠪᠠᠶᠢᠭᠤᠯᠬᠤ ᠠᠷᠪᠠᠰ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ ᠂ ᠦᠬᠡᠷ ᠬᠤᠨᠢ ᠨᠢᠲᠤᠯᠬᠤ ᠂ | ᠬᠦᠢᠲᠡᠨ ᠬᠡᠯᠬᠢᠶᠡᠲᠦ ᠪᠤᠳᠠᠰ ᠤᠨ ᠭᠦᠢᠯᠭᠡᠭᠡ ᠂ ᠡᠪᠡᠰᠦ ᠪᠣᠷᠳᠤᠭ᠎ᠠ ᠡᠳ᠋ᠰᠢᠭᠦᠯᠬᠦ ᠂ ᠣᠷᠭᠠᠨᠢᠭ ᠪᠣᠷᠳᠣᠭᠤᠷ ᠡᠳ᠋ᠰᠢᠭᠦᠯᠬᠦ ᠂ | ᠮᠠᠯ ᠠᠵᠤ ᠠᠬᠤᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠦᠷᠦᠯ ᠵᠦᠢᠯ ᠢ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠵᠣᠯᠭᠠᠭᠤᠯᠵᠤ ᠂ ᠲᠦᠷᠦᠯ ᠵᠦᠢᠯ ᠤᠨ ᠲᠥᠯᠦᠪᠵᠢᠭᠦᠯᠭᠡ ᠂ | ᠮᠡᠷᠭᠡᠵᠢᠯ ᠤᠨ ᠳᠡᠮᠵᠢᠯᠭᠡ ᠂ ᠣᠷᠴᠢᠯ ᠠᠵᠤ ᠠᠬᠤᠢ ᠶᠢᠨ ᠵᠠᠭᠪᠤᠷ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠠᠢ ᠃ | | | | | ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠰᠲ᠋ᠣᠺ ᠡᠵᠡᠮᠳᠡᠬᠦ ᠪᠠ ᠰᠢᠶᠠᠨ ᠵᠧᠩ ᠳ᠋ᠡ | ᠪᠦᠯᠦᠭᠯᠡᠯ ᠳᠤ᠂ ᠭᠦᠸᠧ ᠵᠠᠨ ᠵᠢᠶᠠᠩ ᠨᠠᠷ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ MAP ᠤᠳᠤ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ | ᠵᠢᠱᠢᠶ᠎ᠡ ᠦᠵᠡᠭᠦᠯᠬᠦ ᠬᠦᠷᠢᠶᠡᠯᠡᠩ ᠤᠨ ᠲᠦᠷᠦᠯ ᠵᠦᠢᠯ ᠤᠨ ᠪᠠᠶᠢᠳᠠᠯ ᠪᠣᠯᠣᠨ ᠥᠪᠥᠷ ᠮᠣᠩᠭᠤᠯ ᠤᠨ | ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠣᠨᠣᠰᠤᠭᠰᠠᠨ ᠤ ᠳᠠᠷᠠᠭ᠎ᠠ᠂ MAP ᠲᠦᠷᠦᠯ ᠵᠦᠢᠯ ᠢ ᠥᠪᠥᠷ | ᠮᠣᠩᠭᠤᠯ ᠳᠤ ᠨᠠᠶᠢᠳᠠᠪᠤᠷᠢᠵᠢᠭᠤᠯᠬᠤ ᠳᠤ ᠭᠠᠵᠠᠷ ᠣᠷᠣᠨ ᠤ ᠠᠵᠤ ᠦᠢᠯᠡᠰ ᠤᠨ ᠣᠨᠴᠠᠯᠢᠭ ᠪᠣᠯᠣᠨ ᠵᠠᠬ᠎ᠠ | ᠳᠡᠯᠭᠡᠭᠦᠷ ᠤᠨ ᠠᠯᠤᠰ ᠢᠷᠡᠭᠡᠳᠦᠢ ᠲᠠᠢ ᠤᠶᠠᠯᠳᠤᠭᠤᠯᠤᠨ ᠵᠣᠬᠢᠰᠲᠠᠢ ᠲᠥᠯᠦᠪᠵᠢᠭᠦᠯᠭᠡ ᠬᠢᠵᠦ ᠂ ᠡᠬᠢ ᠪᠠᠶᠠᠯᠢᠭ | ᠪᠣᠯᠣᠨ ᠮᠡᠷᠭᠡᠵᠢᠯ ᠤᠨ ᠳᠠᠪᠠᠭᠤᠯᠢᠭ ᠢ ᠪᠦᠲᠦᠮᠵᠢᠲᠡᠢ ᠠᠰᠢᠭᠯᠠᠨ ᠣᠶᠤᠨᠲᠤ ᠲᠠᠷᠢᠶᠠᠯᠠᠩ ᠢ ᠪᠦᠲᠦᠭᠡᠨ ᠪᠠᠶᠢᠭᠤᠯᠵᠤ ᠂ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠨ᠎ᠠ ᠭᠡᠵᠦ ᠢᠯᠡᠷᠬᠡᠶᠢᠯᠡᠪᠡ ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠦ᠋ ᠰᠢᠶᠠᠩ ᠯᠢᠶᠠᠩ ᠵᠢᠴᠢ ᠬᠠᠮᠢᠶ᠎ᠠ ᠪᠦᠬᠦᠢ ᠭᠠᠵᠠᠷ ᠭᠡᠷ ᠤᠨ | ᠬᠠᠷᠢᠭᠤᠴᠠᠯᠭᠠᠲᠠᠨ ᠨᠥᠬᠦᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠬᠤ ᠠᠵᠢᠯᠯᠠᠭ᠎ᠠ ᠳᠤ | ᠣᠷᠣᠯᠴᠠᠪᠠ᠃ | |