ᠦᠬᠠᠢ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠦᠢ ᠵᠢᠩ ᠶᠢᠩ ᠦᠬᠠᠢ ᠬᠤᠲᠠ ᠶᠢᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/2/10
      2 ᠰᠠᠷ᠎ᠠ ᠶᠢᠨ 7 ᠤ ᠡᠳᠦᠷ᠂ ᠦᠬᠠᠢ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠦᠢ ᠵᠢᠩ ᠶᠢᠩ ᠦᠬᠠᠢ ᠬᠤᠲᠠ ᠶᠢᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      ᠦᠬᠠᠢ ᠬᠤᠳᠠ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠂ ᠼᠦᠢ ᠵᠢᠩ ᠶᠢᠩ ᠨᠠᠷ ᠲᠠᠷᠢᠶᠠᠯᠠᠩ ᠮᠠᠯ ᠠᠵᠤ ᠠᠬᠤᠢ ᠶᠢᠨ ᠲᠣᠮᠣ ᠳ᠋ᠠᠶᠢᠲ᠋ᠠ ᠶᠢᠨ ᠲᠠᠪᠴᠠᠩ ᠂ ︽ ᠤᠷᠭᠤᠮᠠᠯ ᠢ ᠣᠨᠣᠰᠢᠯᠠᠨ ᠡᠮᠨᠡᠬᠦ ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠂ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠲᠥᠪ ᠂ ᠣᠶᠤᠨᠲᠤ ᠬᠦᠯᠡᠮᠵᠢ ᠵᠡᠷᠭᠡ ᠲᠦᠷᠦᠯ ᠵᠦᠢᠯ ᠤᠨ ᠠᠵᠢᠯᠯᠠᠭᠠᠨ ᠤ ᠪᠠᠶᠢᠳᠠᠯ ᠵᠢᠴᠢ ᠣᠷᠭᠠᠨᠢᠭ ᠦᠵᠦᠮ ᠤᠨ ᠬᠠᠲᠠᠭᠠᠮᠠᠯ ᠡᠳ᠋ᠰᠢᠭᠦᠯᠭᠡ ᠶᠢᠨ ᠲᠥᠪ ᠂ ᠬᠦᠢᠲᠡᠨ ᠬᠡᠯᠬᠢᠶᠡᠲᠦ ᠪᠤᠳᠠᠰ ᠤᠨ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠲᠥᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ ᠃ ᠲᠤᠸᠠᠨ ᠵᠢᠶᠧ ᠰᠢᠨ᠎ᠡ ᠲᠣᠰᠬᠤᠨ ᠳᠤ ᠂ ᠼᠦᠢ ᠵᠢᠩ ᠶᠢᠩ ᠨᠠᠷ ᠴᠢᠶᠠᠨ ᠯᠢ ᠱᠠᠨ ᠪᠠᠯᠭᠠᠰᠤᠨ ᠤ ᠬᠠᠷᠢᠭᠤᠴᠠᠯᠭᠠᠲᠠᠨ ᠤ ᠬᠠᠶᠢᠷᠤᠪ ᠤᠨ ᠲᠣᠬᠤᠢ ᠶᠢᠨ ᠲᠣᠭᠤᠷᠢᠭ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ ᠃ ︽ ᠦᠵᠦᠮ ᠤᠨ ᠬᠦᠷᠢᠶᠡᠯᠡᠩ ᠤᠨ ᠨᠣᠭᠤᠭᠠᠨ ᠵᠠᠮ ︾  ᠤᠨ ᠲᠦᠷᠦᠯ ᠵᠦᠢᠯ ᠤᠨ ᠭᠠᠵᠠᠷ ᠲᠤ ᠂ ᠴᠢᠶᠠᠨ ᠯᠢ ᠭᠧᠦ ᠶᠢᠨ ᠤᠰᠤ ᠭᠠᠲᠤᠯᠬᠤ ᠵᠠᠮ ᠂ ᠷᠦ᠋ ᠢ ᠬᠤ᠋ ᠨᠠᠭᠤᠷ ᠵᠡᠷᠭᠡ ᠵᠠᠩᠭᠢᠯᠠᠭ᠎ᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠦᠬᠠᠢ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠦᠷᠦᠯ ᠵᠦᠢᠯ ᠤᠨ ᠪᠦᠬᠦᠯᠢ ᠴᠣᠭᠴᠠ ᠶᠢᠨ ᠠᠬᠢᠴᠠ ᠶᠢᠨ ᠪᠠᠶᠢᠳᠠᠯ ᠵᠢᠴᠢ ᠳᠠᠷᠠᠭᠠᠴᠢ ᠶᠢᠨ ᠠᠯᠬᠤᠮ ᠤᠨ ᠢᠨᠵᠧᠨᠧᠷᠢᠩ ᠤᠨ ᠲᠣᠬᠢᠷᠠᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ ᠃
1.png
       ᠼᠦᠢ ᠵᠢᠩ ᠶᠢᠩ ᠵᠢᠭᠠᠵᠤ ᠭᠠᠷᠭᠠᠬᠤ ᠳᠠᠭᠠᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠨᠢᠭᠡ ᠪᠣᠯᠣᠨ᠎ᠠ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠦᠬᠠᠢ ᠬᠤᠲᠠ ᠶᠢᠨ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠣᠷᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠂ ︽ ᠦᠵᠦᠮ ᠤᠨ ᠬᠦᠷᠢᠶᠡᠯᠡᠩ ᠤᠨ ᠨᠣᠭᠤᠭᠠᠨ ᠵᠠᠮ ︾ ᠵᠡᠷᠭᠡ ᠲᠦᠷᠦᠯ ᠵᠦᠢᠯ ᠤᠨ ᠴᠢᠳᠠᠪᠬᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠂ ᠣᠷᠣᠨ ᠪᠦᠰᠡ ᠶᠢᠨ ᠴᠢᠨᠠᠷᠲᠠᠢ ᠂ ᠳᠠᠭᠠᠭᠠᠮᠠᠭᠠᠢ ᠠᠬᠢᠭᠤᠯᠬᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠵᠦ ᠂ ᠡᠯ᠎ᠡ ᠲᠦᠷᠦᠯ ᠤᠨ ᠡᠯᠧᠮᠧᠨ᠋ᠲ ᠤᠨ ᠬᠠᠶᠢᠷᠤᠪ ᠤᠨ ᠲᠣᠬᠤᠢ ᠲᠣᠭᠤᠷᠢᠭ ᠤᠨ ᠬᠤᠶᠢᠲᠤ ᠬᠡᠰᠡᠭ ᠤᠨ ᠬᠡᠰᠡᠭ ᠣᠷᠣᠨ ᠲᠡᠰᠢ ᠴᠤᠭᠯᠠᠷᠠᠬᠤ ᠶᠢ ᠳᠡᠮᠵᠢᠵᠦ ᠂ ᠬᠤᠶᠢᠲᠤ ᠬᠡᠰᠡᠭ ᠤᠨ ᠬᠡᠰᠡᠭ ᠣᠷᠣᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠃ ︽ ᠦᠵᠦᠮ ᠤᠨ ᠬᠦᠷᠢᠶᠡᠯᠡᠩ ᠤᠨ ᠨᠣᠭᠤᠭᠠᠨ ᠵᠠᠮ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠱᠠᠯᠠᠪᠳᠠᠨ ᠠᠬᠢᠭᠤᠯᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠴᠠᠭ ᠤᠨ ᠠᠬᠢᠴᠠ ᠶᠢᠨ ᠬᠦᠰᠦᠨᠦᠭᠲᠦ ᠶᠢᠨ ᠶᠣᠰᠣᠭᠠᠷ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠲᠥᠷᠥᠯ ᠵᠦᠢᠯ ᠤᠨ 7 ᠰᠠᠷ᠎ᠠ ᠶᠢᠨ ᠰᠡᠭᠦᠯᠴᠢ ᠪᠠᠷ ᠠᠵᠢᠯ ᠳᠠᠭᠤᠰᠬᠤ ᠶᠢ ᠦᠨᠡᠨᠬᠦ ᠪᠠᠲᠤᠯᠠᠬᠤ ᠬᠡᠷᠡᠭᠲᠡᠢ᠃ ᠦᠨᠡᠨ ᠠᠴᠠ ᠵᠥᠪ ᠢ ᠡᠷᠢᠬᠦ ᠂ ᠯᠠᠪᠳᠠᠭᠤᠨ ᠪᠠᠲᠤᠲᠠᠢ ᠠᠵᠢᠯᠯᠠᠬᠤ ᠶᠢ ᠪᠠᠷᠢᠮᠲᠠᠯᠠᠵᠤ ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠴᠡᠭ ᠤᠨ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠰᠠᠶᠢᠵᠢᠷᠠᠭᠤᠯᠵᠤ ᠂ ︽ ᠨᠢᠭᠤᠷ ᠲᠠᠯ᠎ᠠ ᠶᠢᠨ ᠢᠨᠵᠧᠨᠧᠷᠢᠩ ︾  ᠢ ᠡᠷᠡᠰ ᠬᠤᠷᠢᠭᠯᠠᠬᠤ ᠬᠡᠷᠡᠭᠲᠡᠢ ᠭᠡᠪᠡ᠃
2.png
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号