︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︿ᠭᠤᠷᠪᠠᠨ ᠪᠦᠲᠦᠭᠡᠭᠳᠡᠬᠦᠨ ᠨᠢᠭᠡ ᠲᠡᠮᠳᠡᠭ﹀ ᠤᠨ ᠳᠥᠷᠪᠡᠨ ᠶᠡᠭᠡ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/10
ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠮᠠᠨᠵᠤᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ᠂ ᠡᠷᠢᠶᠡᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠤᠰᠤᠨ ᠤ ᠶᠠᠪᠤᠳᠠᠯ ᠤᠨ ᠲᠣᠪᠴᠢᠶ᠎ᠠ᠂ ᠲᠢᠩᠬᠢᠮ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠭᠠᠵᠠᠷ ᠲᠣᠪᠴᠢᠶ᠎ᠠ ᠳᠤ᠄      ︽ᠲᠠᠷᠢᠶᠠᠯᠠᠩ ᠤᠨ ᠪᠦᠲᠦᠭᠡᠭᠳᠡᠬᠦᠨ ᠤ ︿ᠭᠤᠷᠪᠠᠨ ᠪᠦᠲᠦᠭᠡᠭᠳᠡᠬᠦᠨ ᠨᠢᠭᠡ ᠲᠡᠮᠳᠡᠭ﹀ ᠤᠨ ᠳᠥᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ︵ᠲᠠᠷᠢᠶᠠᠯᠠᠩ ᠶᠠᠰᠤ ᠴᠢᠨᠠᠷ ᠲᠠᠷᠬᠠᠭᠠᠭᠰᠠᠨ ﹇2022﹈ 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠲᠠ᠂ ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︿ᠭᠤᠷᠪᠠᠨ ᠪᠦᠲᠦᠭᠡᠭᠳᠡᠬᠦᠨ ᠨᠢᠭᠡ ᠲᠡᠮᠳᠡᠭ﹀ ᠤᠨ ᠳᠥᠷᠪᠡᠨ ᠶᠡᠭᠡ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠭᠠᠷᠠᠢ᠃       ᠳᠠᠭᠠᠯᠳᠤᠭᠤᠯᠤᠯ᠄ ᠥᠪᠥᠷ ᠲᠠᠷᠢᠶᠠᠯᠠᠩ ᠮᠠᠯ ᠶᠠᠰᠤ ᠴᠢᠨᠠᠷ ᠲᠠᠷᠬᠠᠭᠠᠭᠰᠠᠨ ﹇2023﹈ 42 ᠳ᠋ᠤᠭᠠᠷ ᠲᠣᠭᠠᠲᠤ + ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︿ᠭᠤᠷᠪᠠᠨ ᠪᠦᠲᠦᠭᠡᠭᠳᠡᠬᠦᠨ ᠨᠢᠭᠡ ᠲᠡᠮᠳᠡᠭ﹀ ᠤᠨ ᠳᠥᠷᠪᠡᠨ ᠶᠡᠭᠡ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                               ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                        2023 ᠣᠨ ᠤ 2 ᠰᠠᠷ᠎ᠠ ᠶᠢᠨ 10 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号