ᠣᠶᠢᠷ᠎ᠠ ᠶᠢᠨ ᠵᠢᠯ ᠤᠳ ᠠᠴᠠ᠂ ᠬᠥᠯᠥᠨ ᠪᠤᠶᠢᠷ ᠬᠤᠳᠠ ᠢᠮᠠᠭᠲᠠ ︽ᠭᠠᠵᠠᠷ ᠰᠢᠷᠣᠢ ᠪᠠᠷ ᠠᠮᠤ ᠲᠠᠷᠢᠶ᠎ᠠ ᠶᠢ | ᠪᠠᠲᠤᠯᠠᠵᠤ᠂ ᠤᠷ᠎ᠠ ᠮᠡᠷᠭᠡᠵᠢᠯ ᠢᠶᠠᠷ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ︾ ᠵᠡᠷᠭᠡ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠪᠡᠯᠡ ᠮᠥᠩᠭᠦ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠨᠠᠭᠠᠴᠢᠯᠠᠭ᠎ᠠ ᠠᠴᠠ ᠪᠠᠨ ᠴᠢᠷᠮᠠᠶᠢᠨ ᠲᠡᠮᠡᠴᠡᠵᠦ᠂ ᠤᠨᠢᠨ ᠳᠡᠭᠡᠷ᠎ᠡ ᠨᠢ ᠬᠦᠴᠦᠯᠡᠬᠦ ᠶᠢ ᠪᠠᠷᠢᠮᠲᠠᠯᠠᠵᠤ᠂ ᠳᠡᠭᠡᠳᠦ | ᠱᠠᠲᠤᠨ ᠳᠤ ᠲᠡᠳᠬᠦᠨ ᠳᠡᠮᠵᠢᠬᠦ ᠲᠦᠷᠦᠯ ᠵᠦᠢᠯ ᠪᠣᠯᠣᠨ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ | ᠪᠦᠬᠦ ᠬᠤᠳᠠ ᠶᠢᠨ ᠰᠢᠷ᠎ᠠ ᠪᠤᠷᠴᠠᠭ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢᠨ ᠪᠣᠳᠠᠲᠠᠢ ᠦᠷ᠎ᠡ ᠪᠦᠲᠦᠮᠵᠢ | ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ᠃ 2019᠂ 2020 ᠣᠨ ᠳᠤ 2 ᠵᠢᠯ ᠳᠠᠷᠠᠭᠠᠯᠠᠨ | ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠬᠤ ᠪᠠᠷ ᠳᠡᠮᠵᠢᠨ᠂ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠲᠠᠢ ᠬᠤᠯᠪᠣᠭᠠᠯᠠᠨ ︽ᠬᠥᠯᠥᠨ ᠪᠤᠶᠢᠷ ᠬᠤᠲᠠ ᠶᠢᠨ | ᠤᠯᠤᠰ ᠤᠨ ᠰᠢᠷ᠎ᠠ ᠪᠤᠷᠴᠠᠭ ᠤᠨ ᠣᠷᠣᠨ ᠪᠦᠰᠡ ᠶᠢᠨ ᠴᠢᠨᠠᠷᠲᠠᠢ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︾ ᠢ ᠠᠮᠵᠢᠯᠲᠠ ᠲᠠᠢ ᠪᠠᠷ ᠭᠤᠶᠤᠴᠢᠯᠠᠨ | ᠮᠡᠳᠡᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠲᠤᠯᠭᠠᠭᠤᠷᠢᠯᠠᠬᠤ ᠲᠣᠭᠲᠠᠯᠴᠠᠭ᠎ᠠ ᠶᠢᠨ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠶᠢ ᠨᠡᠶᠢᠲᠡ 1000 ᠲᠦᠮᠡᠨ ᠲᠥᠭᠦᠷᠢᠭ ᠭᠤᠶᠤᠴᠢᠯᠠᠨ ᠣᠯᠪᠠ᠃ 2021 | ᠣᠨ ᠳᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ ᠲᠠᠢ ᠬᠤᠯᠪᠤᠭᠠᠯᠠᠨ ᠲᠥᠪ ᠤᠨ ᠲᠥᠰᠥᠪ ᠤᠨ ᠳᠣᠲᠣᠷᠠᠬᠢ 4.76 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠭᠤᠶᠤᠴᠢᠯᠠᠨ ᠣᠯᠵᠤ᠂ ᠭᠤᠣᠯᠳᠠᠭᠤ ᠵᠡᠭᠦᠨ ᠬᠤᠶᠢᠲᠤ ᠣᠷᠣᠨ ᠤ 37 ᠲᠦᠮᠡᠨ ᠮᠦ ᠬᠠᠷ᠎ᠠ | ᠬᠥᠷᠥᠰᠥ ᠶᠢ ᠬᠠᠮᠠᠭᠠᠯᠠᠨ ᠠᠰᠢᠭᠯᠠᠬᠤ ᠵᠡᠷᠭᠡ ᠲᠥᠷᠥᠯ ᠵᠦᠢᠯ ᠢ ᠳᠡᠮᠵᠢᠬᠦ ᠳᠤ ᠬᠡᠷᠡᠭᠯᠡᠪᠡ᠃ 2022 ᠣᠨ ᠳᠤ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠣᠪᠴᠢᠶ᠎ᠠ ᠲᠠᠢ ᠬᠠᠮᠲᠤᠷᠠᠨ ︽2022 ᠣᠨ ᠤ ᠬᠥᠯᠥᠨ ᠪᠤᠶᠢᠷ ᠬᠤᠲᠠ ᠶᠢᠨ | ᠦᠢᠯᠡᠳᠪᠦᠷᠢᠯᠡᠭᠴᠢᠳ ᠲᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠰᠢᠨ᠎ᠡ ᠪᠠᠷ ᠨᠡᠮᠡᠭᠳᠡᠭᠦᠯᠦᠭᠰᠡᠨ | ᠠᠭᠤᠯᠭ᠎ᠠ ᠶᠢ ᠬᠡᠷᠡᠭᠵᠢᠭᠦᠯᠬᠦ ᠲᠥᠰᠥᠯ︾ ︵ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠠᠯᠪᠠᠨ | ᠲᠠᠷᠬᠠᠭᠠᠭᠰᠠᠨ ︹2022︺ 41 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ | ᠬᠥᠲᠥᠯᠥᠨ ᠵᠢᠯᠤᠭᠤᠳᠬᠤ ᠡᠷᠴᠢᠮ ᠢ ᠴᠢᠩᠭᠠᠷᠠᠭᠤᠯᠤᠨ᠂ ᠦᠢᠯᠡᠳᠪᠦᠷᠢᠯᠡᠭᠴᠢᠳ ᠤᠨ ᠳᠠᠷᠢᠬᠤ ᠢᠳᠡᠪᠬᠢᠵᠢᠯ ᠢ | ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠤᠨᠠᠯᠲᠠ ᠶᠢ ᠨᠡᠮᠡᠭᠳᠡᠭᠦᠯᠬᠦ ᠳᠤ ᠲᠥᠷᠥ ᠶᠢᠨ ᠪᠣᠳᠣᠯᠭ᠎ᠠ ᠶᠢᠨ ᠰᠠᠭᠤᠷᠢ ᠶᠢ | ᠲᠠᠯᠪᠢᠭᠰᠠᠨ ᠪᠠᠶᠢᠨ᠎ᠠ᠃ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ ᠲᠠᠢ ᠬᠤᠯᠪᠤᠭᠠᠯᠠᠨ ᠲᠥᠪ ᠤᠨ ᠲᠥᠰᠥᠪ ᠤᠨ ᠳᠣᠲᠣᠷᠠᠬᠢ 8.34 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠭᠤᠶᠤᠴᠢᠯᠠᠨ ᠣᠯᠵᠤ᠂ ᠭᠤᠣᠯᠳᠠᠭᠤ 64 ᠲᠦᠮᠡᠨ ᠮᠦ ᠵᠡᠭᠦᠨ ᠬᠤᠶᠢᠲᠤ ᠶᠢᠨ ᠬᠠᠷ᠎ᠠ | ᠬᠥᠷᠥᠰᠥ ᠶᠢ ᠬᠠᠮᠠᠭᠠᠯᠠᠨ ᠠᠰᠢᠭᠯᠠᠬᠤ ᠵᠡᠷᠭᠡ ᠲᠥᠷᠥᠯ ᠵᠦᠢᠯ ᠢ ᠳᠡᠮᠵᠢᠬᠦ ᠳᠤ ᠬᠡᠷᠡᠭᠯᠡᠵᠦ᠂ ︽ᠲᠠᠷᠢᠶᠠᠨ ᠭᠠᠵᠠᠷ ᠤᠨ | ᠳᠣᠲᠣᠷᠠᠬᠢ ᠲᠣᠮᠣ ᠮᠠᠯᠤᠷ ᠥᠲᠡᠭᠡ︾ ᠶᠢ ᠬᠠᠮᠠᠭᠠᠯᠠᠬᠤ ᠡᠷᠴᠢᠮ ᠢ ᠦᠨᠡᠨ ᠬᠦ ᠴᠢᠩᠭᠠᠳᠬᠠᠵᠤ᠂ ᠠᠮᠤ ᠪᠤᠳᠠᠭᠠᠨ ᠤ | ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠪᠠ᠃ | | ᠳᠠᠷᠠᠭᠠᠴᠢ ᠶᠢᠨ ᠠᠯᠬᠤᠮ ᠳᠤ᠂ ᠬᠥᠯᠥᠨ ᠪᠤᠶᠢᠷ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠢᠨ ᠦᠷᠭᠦᠯᠵᠢᠯᠡᠨ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ | ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ | ᠤᠨᠢᠨ ᠳᠡᠭᠡᠷ᠎ᠡ ᠨᠢ ᠬᠦᠴᠦᠯᠡᠵᠦ᠂ ᠪᠦᠬᠦ ᠬᠦᠴᠦᠨ ᠢᠶᠠᠷ ᠢᠶᠠᠨ ᠳᠡᠭᠡᠳᠦ ᠱᠠᠲᠤᠨ ᠠᠴᠠ ᠬᠠᠷᠠᠭᠠᠯᠵᠠᠯ ᠤᠨ ᠲᠦᠷᠦ ᠶᠢᠨ | ᠪᠣᠳᠣᠯᠭ᠎ᠠ ᠵᠢᠴᠢ ᠪᠡᠯᠡ ᠮᠥᠩᠭᠦ ᠣᠯᠵᠤ᠂ ᠵᠡᠭᠦᠨ ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠬᠤ᠂ ᠤᠳᠤ | ᠦᠶ᠎ᠡ ᠶᠢᠨ ᠦᠷ᠎ᠡ ᠶᠢᠨ ᠦᠢᠯᠡᠰ ᠢ ᠳᠡᠭᠡᠭᠰᠢᠯᠡᠭᠦᠯᠬᠦ ᠵᠡᠷᠭᠡ ᠬᠦᠷᠢᠶᠡᠨ ᠤ ᠳᠡᠮᠵᠢᠯᠭᠡ ᠶᠢᠨ ᠡᠷᠴᠢᠮ ᠢ ᠴᠢᠨᠠᠭᠰᠢᠳᠠ | ᠴᠢᠩᠭᠠᠷᠠᠭᠤᠯᠵᠤ᠂ ᠪᠦᠬᠦ ᠬᠤᠳᠠ ᠶᠢᠨ ᠰᠢᠷ᠎ᠠ ᠪᠤᠷᠴᠠᠭ ᠤᠨ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠶᠢ | ᠠᠬᠢᠭᠤᠯᠤᠨ᠎ᠠ᠃ | |