ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠠᠨ ᠹᠠᠨ ᠰᠠᠭᠤᠷᠢᠨ ᠭᠠᠵᠠᠷ ᠤᠨ ᠲᠠᠷᠢᠮᠠᠯ ᠤᠨ ᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠮᠦᠢ ︱ ︱ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠠᠨ ᠹᠠᠨ ᠰᠠᠭᠤᠷᠢᠨ ᠭᠠᠵᠠᠷ ᠤᠨ ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠬᠠᠮᠲᠤᠷᠠᠭᠰᠠᠨ ᠲᠣᠭᠤᠷᠢᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2023/2/12
      2 ᠰᠠᠷ᠎ᠠ ᠶᠢᠨ 6 ᠤ ᠡᠳᠦᠷ ᠠᠴᠠ 10 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠭᠠᠵᠠᠷ ᠠᠴᠠ ᠲᠠᠷᠢᠶᠠᠯᠠᠩ ᠤᠨ ᠤᠷᠭᠤᠮᠠᠯ ᠤᠨ ᠬᠢᠵᠢᠭ ᠪᠠᠶᠢᠴᠠᠭᠠᠭᠴᠢ ᠶᠢ ᠲᠣᠮᠢᠯᠠᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠶᠢᠨᠠᠨ ᠮᠤᠵᠢ ᠳᠤ ᠵᠣᠬᠢᠶᠠᠨ ᠪᠠᠶᠢᠭᠤᠯᠤᠭᠰᠠᠨ 2022 ︱ 2023 ᠣᠨ ᠤ ᠨᠠᠨ ᠹᠠᠨ ᠰᠠᠭᠤᠷᠢᠨ ᠭᠠᠵᠠᠷ ᠤᠨ ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠬᠠᠮᠲᠤᠷᠠᠭᠰᠠᠨ ᠲᠣᠭᠤᠷᠢᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠤᠯᠪᠠ᠃
图片1.jpg
       ᠮᠠᠨ ᠤ ᠣᠷᠣᠨ ᠤ ᠬᠢᠵᠢᠭ ᠪᠠᠶᠢᠴᠠᠭᠠᠭᠴᠢ ᠶᠢᠨ ᠪᠠᠶᠢᠭ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠠᠨᠶᠠ ᠬᠤᠳᠠ ᠶᠢᠨ ᠶᠠᠵᠸᠦ ᠲᠣᠭᠤᠷᠢᠭ ᠤᠨ 100 ᠭᠠᠷᠤᠢ ᠨᠠᠨ ᠹᠠᠨ ᠨᠢᠭᠡᠴᠢ ᠳᠤ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠬᠢᠨᠠᠨ ᠪᠠᠶᠢᠴᠠᠭᠠᠯᠲᠠ ᠬᠢᠵᠦ᠂ ᠭᠤᠣᠯᠳᠠᠯᠭ᠎ᠠ ᠲᠠᠢ ᠪᠠᠷ ᠡᠷᠳᠡᠨᠢ ᠰᠢᠰᠢ ᠂ ᠰᠢᠷ᠎ᠠ ᠪᠤᠷᠴᠠᠭ ᠂ ᠤᠰᠤᠨ ᠲᠤᠲᠤᠷᠭ᠎ᠠ ᠂ ᠭᠤᠸᠠ ᠨᠣᠭᠤᠭ᠎ᠠ ᠶᠢᠨ ᠲᠦᠷᠦᠯ ᠤᠨ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠤᠨ ᠡᠭᠦᠰᠦᠭᠰᠡᠨ ᠪᠠᠶᠢᠳᠠᠯ ᠤᠨ ᠲᠣᠭᠤᠷᠢᠨ ᠳᠤ ᠲᠠᠷᠢᠶᠠᠨ ᠭᠠᠵᠠᠷ ᠤᠨ ᠲᠣᠭᠤᠷᠢᠨ ᠪᠠᠶᠢᠴᠠᠭᠠᠯᠲᠠ ᠥᠷᠨᠢᠭᠦᠯᠪᠡ ᠃ ᠡᠭᠦᠨ ᠤ ᠬᠠᠮᠲᠤ᠂ ︽ᠪᠠᠶᠢᠴᠠᠭᠠᠬᠤ + ᠤᠬᠠᠭᠤᠯᠬᠤ + ᠪᠣᠯᠪᠠᠰᠤᠷᠠᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠨ ᠹᠠᠨ ᠨᠢᠭᠡᠴᠢ ᠶᠢᠨ ᠤᠷᠭᠤᠮᠠᠯ ᠤᠨ ᠬᠢᠵᠢᠭ ᠢ ᠪᠠᠶᠢᠴᠠᠭᠠᠬᠤ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷ ᠪᠠ ᠤᠷᠭᠤᠮᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠷᠭᠤᠮᠠᠯ ᠤᠨ ᠬᠢᠵᠢᠭ ᠤᠨ ᠪᠠᠶᠢᠳᠠᠯ ᠤᠨ ᠦᠷ᠎ᠡ ᠶᠢ ᠳᠠᠭᠠᠯᠳᠤᠨ ᠥᠷᠭᠡᠵᠢᠨ ᠳᠡᠯᠭᠡᠷᠡᠬᠦ ᠶᠢ ᠴᠢᠩᠭ᠎ᠠ ᠰᠡᠷᠭᠡᠶᠢᠯᠡᠪᠡ᠃
图片2.jpg
       ᠬᠠᠮᠲᠤᠷᠠᠨ ᠬᠢᠵᠢᠭ ᠤᠨ ᠪᠠᠶᠢᠴᠠᠭᠠᠯᠲᠠ ᠶᠢᠨ ᠲᠣᠭᠤᠷᠢᠨ ᠪᠠᠶᠢᠴᠠᠭᠠᠬᠤ ᠪᠠᠷ ᠲᠠᠮᠵᠢᠨ ᠂ ᠮᠠᠨ ᠤ ᠣᠷᠣᠨ ᠬᠠᠶᠢᠨᠠᠨ ᠮᠤᠵᠢ ᠶᠢᠨ ᠨᠠᠨ ᠹᠠᠨ ᠬᠠᠮᠢᠶᠠᠷᠤᠯᠲᠠ ᠶᠢᠨ ᠲᠣᠪᠴᠢᠶ᠎ᠠ ᠲᠠᠢ ᠨᠢᠭᠲᠠ ᠬᠠᠷᠢᠯᠴᠠᠭ᠎ᠠ ᠪᠠᠶᠢᠭᠤᠯᠵᠤ ᠂ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠦᠷᠢᠯᠳᠦᠭᠦᠯᠵᠦ ᠂ ᠬᠠᠷᠢᠯᠴᠠᠨ ᠬᠠᠮᠵᠢᠯᠴᠠᠵᠤ ᠂ ᠨᠠᠨ ᠹᠠᠨ ᠬᠢᠵᠢᠭ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠬᠠᠮᠲᠤᠪᠠᠷ ᠠᠬᠢᠭᠤᠯᠵᠤ ᠂ ᠨᠠᠨ ᠹᠠᠨ ᠰᠠᠭᠤᠷᠢᠨ ᠭᠠᠵᠠᠷ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠬᠦᠴᠦᠲᠡᠢ ᠬᠠᠮᠠᠭᠠᠯᠠᠪᠠ ᠃
图片3.jpg
  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号