ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠮᠡᠳᠡᠭᠡᠯᠡᠯ ᠨᠡᠶᠢᠲᠡᠯᠡᠵᠦ᠂ 2022 ᠣᠨ ᠤ ᠠᠮᠤ | ᠪᠤᠳᠠᠭ᠎ᠠ ᠲᠠᠷᠢᠭᠰᠠᠨ ᠲᠠᠯᠠᠪᠠᠶ ᠪᠤᠶᠤ ᠤᠨᠠᠯᠲᠠ ᠶᠢᠨ ᠨᠡᠮᠡᠭᠳᠡᠯ ᠢᠶᠠᠷ ᠪᠥᠬᠦ ᠤᠯᠤᠰ ᠤᠨ ᠡᠮᠦᠨ᠎ᠡ 10 ᠨᠡᠷᠡᠰ ᠲᠤ | ᠵᠢᠭᠰᠠᠭᠠᠭᠳᠠᠭᠰᠠᠨ᠂ ᠰᠢᠷ᠎ᠠ ᠪᠤᠷᠴᠠᠭ ᠪᠠ ᠰᠢᠯᠢᠮᠳᠡᠭ ᠤᠨ ᠤᠨᠠᠯᠲᠠ ᠶᠢᠨ ᠨᠡᠮᠡᠭᠳᠡᠯ ᠨᠢ ᠲᠣᠰ ᠲᠣᠰ ᠪᠥᠬᠦ | ᠤᠯᠤᠰ ᠤᠨ ᠡᠮᠦᠨ᠎ᠡ 5 ᠨᠡᠷᠡᠰ ᠲᠤ ᠵᠢᠭᠰᠠᠭᠠᠭᠳᠠᠭᠰᠠᠨ ᠵᠢᠴᠢ ᠨᠠᠮᠤᠷ ᠤᠨ ᠦᠶᠡᠷ ᠢ ᠡᠰᠡᠷᠭᠦᠴᠡᠨ ᠥᠨᠳᠥᠷ | ᠳᠤᠯᠠᠭᠠᠨ ᠭᠠᠩ ᠬᠠᠭᠰᠠᠷᠠᠭᠠᠨ ᠲᠠᠢ ᠲᠡᠮᠡᠴᠡᠵᠦ ᠡᠯᠪᠡᠭ ᠬᠤᠷᠢᠶᠠᠯᠲᠠ ᠶᠢ ᠪᠠᠲᠤᠯᠠᠭᠰᠠᠨ ᠠᠵᠢᠯ ᠢᠶᠠᠷ ᠲᠣᠪᠤᠶᠢᠮ᠎ᠠ | ᠪᠠᠶᠢᠭ᠎ᠠ 21 ᠮᠤᠵᠢ ᠣᠷᠣᠨ ᠢ ᠰᠠᠶᠢᠰᠢᠶᠠᠨ ᠬᠥᠬᠢᠭᠦᠯᠵᠦ᠂ ᠥᠪᠥᠷ ᠮᠣᠩᠭᠤᠯ ᠨᠡᠷᠡᠰ ᠤᠨ ᠵᠢᠭᠰᠠᠭᠠᠯᠲᠠ ᠳᠤ | ᠣᠷᠣᠭᠰᠠᠨ ᠪᠠᠶᠢᠨ᠎ᠠ᠃ | ᠥᠪᠥᠷ ᠮᠣᠩᠭᠤᠯ ᠠᠮᠤ ᠪᠤᠳᠠᠭᠠᠨ ᠤ ᠠᠮᠤᠷ ᠲᠦᠪᠰᠢᠨ ᠤ ᠲᠠᠯ᠎ᠠ ᠪᠠᠷ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠡᠷᠢᠭᠦᠨ ᠴᠢᠬᠤᠯᠠ | ᠶᠠᠪᠤᠳᠠᠯ ᠪᠣᠯᠭᠠᠨ ᠠᠳᠬᠤᠵᠤ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠰᠢᠷ᠎ᠠ ᠪᠤᠷᠴᠠᠭ ᠲᠠᠷᠢᠬᠤ | ᠲᠠᠯᠠᠪᠠᠢ ᠶᠢ ᠥᠷᠭᠡᠳᠬᠡᠬᠦ ᠠᠵᠢᠯ ᠤᠨ ᠲᠣᠭᠤᠷᠢᠨ ᠳᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠨᠠᠭᠠᠴᠢᠯᠠᠭᠠᠲᠤ | ᠡᠷᠬᠡ ᠶᠢ ᠪᠠᠲᠤ ᠡᠵᠡᠮᠳᠡᠵᠦ᠂ 2022 ᠣᠨ ᠳᠤ ᠠᠮᠤ ᠪᠤᠳᠠᠭᠠᠨ ᠤ ᠦᠢᠯᠡᠳᠪᠦᠷᠢᠯᠡᠯ ᠤᠨ ︽ᠠᠷᠪᠠ ᠶᠢᠰᠦᠨ ᠵᠢᠯ | ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠡᠢ᠃ ᠣᠶᠢᠯᠠᠭᠠᠭᠰᠠᠨ ᠢᠶᠠᠷ᠂ 2022 ᠣᠨ ᠳᠤ ᠥᠪᠥᠷ | ᠮᠣᠩᠭᠤᠯ ᠤᠨ ᠠᠮᠤ ᠪᠤᠳᠠᠭ᠎ᠠ ᠲᠠᠷᠢᠭᠰᠠᠨ ᠲᠠᠯᠠᠪᠠᠶ 10427.7 ᠲᠦᠮᠡᠨ ᠮᠦ ᠳᠤ ᠬᠦᠷᠴᠦ᠂ ᠪᠥᠬᠦ ᠤᠯᠤᠰ ᠲᠤ | ᠲᠠᠪᠤᠳᠤᠭᠠᠷ ᠲᠤ ᠣᠷᠣᠪᠠ︔ ᠠᠮᠤ ᠪᠤᠳᠠᠭᠠᠨ ᠤ ᠤᠨᠠᠯᠲᠠ 780.1 ᠳ᠋ᠦᠩᠰᠢᠭᠤᠷ ᠵᠢᠩ ᠳᠤ ᠬᠦᠷᠴᠦ᠂ ᠲᠦᠷᠦᠭᠦᠦ | ᠵᠢᠯ ᠤᠨ ᠬᠢ ᠠᠴᠠ 12 ᠳ᠋ᠦᠩᠰᠢᠭᠤᠷ ᠵᠢᠩ ᠨᠡᠮᠡᠭᠳᠡᠵᠦ᠂ ᠨᠡᠮᠡᠭᠳᠡᠴᠡ ᠨᠢ 1.6% ᠳᠤ ᠬᠦᠷᠴᠦ᠂ ᠨᠡᠮᠡᠭᠳᠡᠯ ᠤᠨ | ᠬᠡᠮᠵᠢᠶ᠎ᠡ ᠨᠢ ᠪᠦᠬᠦ ᠤᠯᠤᠰ ᠤᠨ 16.2% ᠢ ᠡᠵᠡᠯᠡᠨ᠂ ᠪᠦᠬᠦ ᠤᠯᠤᠰ ᠤᠨ ᠭᠤᠷᠪᠠᠳᠤᠭᠠᠷ ᠲᠤ ᠣᠷᠣᠵᠤ᠂ | ᠶᠡᠷᠦᠩᠬᠡᠢ ᠤᠨᠠᠯᠲᠠ ᠨᠢ ᠪᠦᠬᠦ ᠤᠯᠤᠰ ᠤᠨ ᠵᠢᠷᠭᠤᠳᠤᠭᠠᠷ ᠲᠤ ᠵᠢᠭᠰᠠᠭᠠᠭᠳᠠᠵᠤ᠂ 3 ᠵᠢᠯ ᠳᠠᠷᠠᠭᠠᠯᠠᠨ 750 | ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠪᠠ᠃ ᠡᠭᠦᠨ ᠳᠤ᠂ ᠰᠢᠷ᠎ᠠ ᠪᠤᠷᠴᠠᠭ ᠳᠠᠷᠢᠬᠤ ᠲᠠᠯᠠᠪᠠᠶ | 1833.1 ᠲᠦᠮᠡᠨ ᠮᠦ ᠳᠤ ᠬᠥᠷᠴᠦ᠂ ᠳᠡᠭᠡᠷ᠎ᠡ ᠵᠢᠯ ᠤᠨ ᠬᠢ ᠠᠴᠠ 493.3 ᠲᠦᠮᠡᠨ ᠮᠦ ᠨᠡᠮᠡᠭᠳᠡᠨ᠂ ᠰᠢᠷ᠎ᠠ | ᠪᠤᠷᠴᠠᠭ ᠤᠨ ᠤᠨᠠᠯᠲᠠ 49.1 ᠳ᠋ᠦᠩᠰᠢᠭᠤᠷ ᠵᠢᠩ ᠳᠤ ᠬᠦᠷᠴᠦ᠂ ᠳᠡᠭᠡᠷ᠎ᠡ ᠵᠢᠯ ᠤᠨ ᠬᠢ ᠠᠴᠠ 15.4 | ᠳ᠋ᠦᠩᠰᠢᠭᠤᠷ ᠵᠢᠩ ᠨᠡᠮᠡᠭᠳᠡᠨ᠂ ᠪᠠᠰᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ | 2022 ᠣᠨ ᠳᠤ᠂ ᠥᠪᠥᠷ ᠮᠣᠩᠭᠤᠯ 65 ᠬᠤᠰᠢᠭᠤ ᠰᠢᠶᠠᠨ ᠳᠤ 1060 ᠠᠮᠤ ᠲᠣᠰᠣᠨ ᠤ | ᠲᠠᠷᠢᠮᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠶᠡᠷᠦᠩᠬᠡᠢ ᠲᠠᠯᠠᠪᠠᠶ ᠨᠢ 203 ᠲᠦᠮᠡᠨ ᠮᠦ ᠳᠤ | ᠬᠥᠷᠴᠦ᠂ ᠡᠷᠳᠡᠨᠢ ᠰᠢᠰᠢ ᠶᠢ ᠨᠢᠭᠲᠠ ᠳᠠᠷᠢᠬᠤ᠂ ᠰᠢᠷ᠎ᠠ ᠪᠤᠷᠴᠠᠭ ᠤᠨ ᠳᠠᠯᠠᠩ ᠳᠡᠭᠡᠷ᠎ᠡ ᠭᠤᠷᠪᠠᠨ ᠮᠥᠷ ᠲᠠᠷᠢᠬᠤ | ᠵᠡᠷᠭᠡ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠳᠡᠯᠭᠡᠷᠡᠭᠦᠯᠪᠡ᠃ | ᠲᠠᠷᠢᠮᠠᠯ ᠤᠨ ᠲᠣᠮᠣ ᠡᠷᠦᠬᠡ ᠪᠠᠷ ᠭᠤᠣᠯ ᠴᠣᠭᠴᠠ ᠪᠣᠯᠭᠠᠨ᠂ ᠪᠥᠬᠦ ᠣᠷᠣᠨ ᠳᠤ 530 ᠲᠠᠯᠠᠪᠤᠷ ᠤᠳᠠᠭᠠᠨ ᠤ | ᠦᠵᠡᠭᠦᠯᠭᠡ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠦ᠂ 3.2 ᠲᠦᠮᠡᠨ ᠬᠥᠮᠥᠨ ᠤᠳᠠᠭ᠎ᠠ ᠣᠷᠣᠯᠴᠠᠵᠤ᠂ | ᠲᠠᠷᠢᠶᠠᠴᠢᠳ ᠢ ᠳᠠᠶᠢᠴᠢᠯᠠᠨ ᠳᠠᠭᠠᠭᠤᠯᠵᠤ ᠠᠵᠢᠯᠯᠠᠬᠤ ᠶᠢ ᠪᠡᠶᠡᠯᠡᠭᠦᠯᠪᠡ᠃ ᠵᠢᠱᠢᠶ᠎ᠡ ᠦᠵᠡᠭᠦᠯᠬᠦ ᠦᠵᠡᠭᠦᠯᠭᠡ ᠪᠠᠷ | ᠳᠠᠮᠵᠢᠭᠤᠯᠤᠨ᠂ ᠮᠡᠷᠭᠡᠵᠢᠯ ᠢ ᠪᠣᠳᠠᠲᠠᠶᠢᠵᠢᠭᠤᠯᠬᠤ ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠠᠮᠤ | ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ | ᠪᠦᠬᠦ ᠣᠷᠣᠨ ᠤ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠲᠤᠲᠤᠷᠭ᠎ᠠ ᠵᠡᠷᠭᠡ 4 ᠶᠡᠭᠡ ᠠᠮᠤ ᠪᠤᠳᠠᠭᠠᠨ ᠤ | ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠴᠥᠮ ᠪᠦᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ | ᠪᠣᠯᠵᠠᠢ᠃ ᠡᠭᠦᠨ ᠳᠤ᠂ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠨᠢ 985 ᠵᠢᠩ / ᠮᠦ ᠳᠤ ᠬᠥᠷᠴᠦ᠂ | ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 127 ᠵᠢᠩ / ᠮᠦ ᠥᠨᠳᠥᠷ ᠪᠠᠶᠢᠵᠤ᠂ ᠪᠥᠬᠦ ᠤᠯᠤᠰ ᠲᠤ | ᠭᠤᠷᠪᠠᠳᠤᠭᠠᠷ ᠲᠤ ᠣᠷᠣᠪᠠ︔ ᠲᠥᠮᠥᠰᠥᠨ ᠤ ᠲᠠᠯᠠᠪᠠᠢ ᠨᠢᠭᠡᠴᠢ ᠶᠢᠨ ᠤᠨᠠᠯᠲᠠ ᠨᠢ 3274 ᠵᠢᠩ / ᠮᠦ ᠳᠤ | ᠬᠦᠷᠴᠦ᠂ ᠪᠦᠬᠦ ᠤᠯᠤᠰ ᠤᠨ ᠳᠤᠮᠳᠠᠴᠢ ᠲᠦᠪᠰᠢᠨ ᠠᠴᠠ 510 ᠵᠢᠩ / ᠮᠦ ᠥᠨᠳᠥᠷ︔ ᠲᠤᠲᠤᠷᠭ᠎ᠠ ᠶᠢᠨ | ᠲᠠᠯᠠᠪᠠᠢ ᠨᠢᠭᠡᠴᠢ ᠶᠢᠨ ᠤᠨᠠᠯᠲᠠ ᠨᠢ 1026 ᠵᠢᠩ / ᠮᠦ ᠳᠤ ᠬᠦᠷᠴᠦ᠂ ᠪᠦᠬᠦ ᠤᠯᠤᠰ ᠤᠨ ᠳᠤᠮᠳᠠᠴᠢ | ᠲᠦᠪᠰᠢᠨ ᠠᠴᠠ 82 ᠵᠢᠩ / ᠮᠦ ᠥᠨᠳᠥᠷ︔ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠨᠢ 267.8 | ᠵᠢᠩ / ᠮᠦ ᠳᠤ ᠬᠥᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 4 ᠵᠢᠩ / ᠮᠦ ᠥᠨᠳᠥᠷ ᠪᠣᠯᠵᠠᠢ᠃ | | |