ᠬᠤᠸᠠ ᠰᠢ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠡᠶᠢᠭᠡᠮ ᠳᠤ ᠦᠯᠡᠮᠵᠢ ᠠᠰᠢᠭ ᠬᠦᠷᠲᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/2/14
15.png
      ᠪᠤᠭᠤᠲᠤ ᠬᠤᠲᠠ ᠶᠢᠨ ᠰᠢᠭᠤᠶᠢᠲᠦ ᠲᠣᠭᠤᠷᠢᠭ ᠬᠤᠸᠠ ᠰᠢ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠳᠠᠭᠠᠨ ᠰᠢᠨ᠎ᠡ ᠬᠡᠯᠪᠡᠷᠢ ᠶᠢᠨ ᠤᠰᠤ ᠬᠠᠳᠠᠭᠠᠯᠠᠵᠤ ᠢᠯᠴᠢ ᠬᠠᠳᠠᠭᠠᠯᠠᠬᠤ ᠳᠤᠯᠠᠭᠠᠨ ᠬᠠᠳᠠᠭᠠᠯᠠᠬᠤ ᠳᠤᠨᠤᠬᠯᠠᠬᠤ ᠮᠠᠶ᠋ᠢᠭ ᠤᠨ ᠬᠦᠯᠡᠮᠵᠢ ᠶᠢ 18᠂ ᠬᠠᠪᠤᠷ ᠨᠠᠮᠤᠷ ᠤᠨ ᠬᠦᠯᠡᠮᠵᠢ ᠶᠢ 38 ᠵᠢᠴᠢ ᠬᠡᠰᠡᠭ ᠦᠢᠯᠡᠳᠪᠦᠷᠢᠯᠡᠯ ᠤᠨ ᠲᠤᠰᠠᠯᠠᠬᠤ ᠲᠦᠭᠦᠭᠡᠷᠦᠮᠵᠢ ᠶᠢ ᠪᠥᠲᠥᠭᠡᠨ ᠪᠠᠶᠢᠭᠤᠯᠬᠤ ᠶᠢᠨ ᠬᠠᠮᠲᠤ᠂ ᠣᠶᠢᠷ᠎ᠠ ᠬᠤᠪᠢ ᠶᠢᠨ ᠬᠥᠳᠡᠭᠡ ᠲᠤᠰᠬᠤᠨ ᠤ ᠦᠯᠡᠭᠦᠦ ᠬᠥᠳᠡᠯᠮᠦᠷᠢ ᠬᠦᠴᠦᠨ ᠢ ᠳᠠᠳᠠᠨ ᠠᠪᠴᠢᠷᠠᠵᠥ ᠳᠠᠷᠢᠵᠤ ᠤᠷᠭᠤᠭᠤᠯᠬᠤ ᠬᠠᠮᠢᠶᠠᠷᠤᠯᠲᠠ ᠶᠢᠨ ᠠᠵᠢᠯ ᠳᠤ ᠣᠷᠣᠯᠴᠠᠭᠤᠯᠵᠤ᠂ ᠵᠢᠱᠢᠯᠳᠠ ᠪᠠᠷ ᠬᠦᠷᠢᠶᠡᠯᠡᠩ ᠲᠣᠭᠤᠷᠢᠭ ᠨᠢ ᠪᠦᠬᠦᠨ ᠢᠶᠠᠷ ᠢᠶᠠᠨ ᠠᠰᠢᠭᠯᠠᠯᠲᠠ ᠳᠤ ᠣᠷᠤᠭᠰᠠᠨ ᠤ ᠳᠠᠷᠠᠭ᠎ᠠ᠂ ᠵᠢᠯ ᠳᠤ 400 ᠲᠦᠮᠡᠨ ᠵᠢᠩ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠭᠦᠨ ᠦᠢᠯᠡᠳᠪᠦᠷᠢᠯᠡᠵᠦ ᠂ ᠵᠢᠯ ᠤᠨ ᠦᠢᠯᠡᠳᠪᠦᠷᠢᠯᠡᠯ ᠤᠨ ᠦᠷᠳᠡᠭ ᠨᠢ 2000 ᠲᠦᠮᠡᠨ ᠲᠦᠭᠦᠷᠢᠭ ᠢ ᠳᠠᠪᠠᠵᠥ᠂ ᠲᠠᠷᠢᠶᠠᠴᠢᠨ ᠡᠷᠦᠬᠡ ᠶᠢᠨ ᠵᠢᠯ ᠤᠨ ᠬᠥᠮᠦᠨ ᠳᠤᠮᠳᠠᠴᠢ ᠶᠢᠨ ᠣᠷᠣᠯᠭ᠎ᠠ ᠶᠢ 5000 ᠲᠥᠭᠦᠷᠢᠭ ᠨᠡᠮᠡᠭᠳᠡᠭᠦᠯᠦᠨ ᠂ 80 ᠬᠦᠮᠦᠨ ᠳᠤ ᠰᠢᠨ᠎ᠡ  ᠪᠠᠷ ᠠᠵᠢᠯ ᠣᠯᠭᠤᠬᠤ ᠪᠣᠯᠤᠨ᠎ᠠ ᠃ ᠵᠢᠷᠤᠭ ᠪᠣᠯ 2 ᠰᠠᠷ᠎ᠠ ᠶᠢᠨ 12 ᠤᠨ ᠡᠳᠦᠷ᠂ ᠲᠤᠰᠬᠤᠨ ᠤ ᠠᠷᠠᠳ ᠲᠤᠯᠠᠭᠠᠨ ᠬᠦᠯᠡᠮᠵᠢ ᠳᠠᠬᠢ ᠲᠥᠪᠡᠳ ᠬᠠᠰᠢ ᠪᠠᠨ ᠠᠷᠠᠴᠢᠯᠠᠵᠥ ᠪᠠᠶᠢᠭ᠎ᠠ ᠨᠢ᠃      ᠲᠤᠰ ᠰᠣᠨᠢᠨ ᠤ ᠰᠣᠷᠪᠤᠯᠵᠢᠯᠠᠭᠴᠢ ᠮᠦᠩᠭᠡᠴᠢᠯᠠᠭᠤ ᠰᠡᠭᠦᠳᠡᠷᠯᠡᠪᠡ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号