ᠬᠠᠪᠤᠷ ᠤᠨ ᠲᠠᠷᠢᠶᠠᠯᠠᠭ᠎ᠠ ᠠᠴᠠ ᠡᠮᠦᠨ᠎ᠡ ᠲᠠᠷᠢᠶᠠᠯᠠᠩ ᠤᠨ ᠮᠠᠰᠢᠨ ᠢᠶᠠᠨ ᠰᠠᠶᠢᠳᠤᠷ ᠪᠠᠶᠢᠴᠠᠭᠠᠶ᠎ᠠ
ᠨᠡᠶᠢᠲᠡᠯᠡᠭᠰᠡᠨ ᠴᠠᠭ᠄
2023/2/14
      ᠡᠬᠡ ᠭᠠᠵᠠᠷ ᠳᠤᠯᠠᠭᠠᠷᠠᠵᠤ᠂ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠨ᠎ᠡ᠃ ᠠᠭᠤᠷ ᠠᠮᠢᠰᠬᠤᠯ ᠪᠣᠯᠣᠨ ᠮᠠᠰᠢᠨ ᠤ ᠲᠤᠰ ᠪᠡᠶ᠎ᠡ ᠳᠤ ᠥᠪᠡᠷᠮᠢᠴᠡ ᠣᠨᠴᠠᠯᠢᠭ ᠲᠠᠢ ᠠᠴᠠ ᠪᠣᠯᠵᠤ ᠂ ᠡᠨᠡ ᠤᠯᠠᠷᠢᠯ ᠳᠤ ᠳᠠᠷᠢᠶᠠᠯᠠᠩ ᠤᠨ ᠮᠠᠰᠢᠨ ᠢᠶᠠᠨ ᠵᠣᠬᠢᠰ ᠦᠭᠡᠢ ᠭᠡᠷᠡᠭᠯᠡᠪᠡᠯ ᠂ ᠲᠠᠷᠢᠶᠠᠯᠠᠩ ᠤᠨ ᠮᠠᠰᠢᠨ ᠳᠤ ᠬᠠᠮᠤᠭ ᠤᠨ ᠠᠮᠠᠷᠬᠠᠨ ᠭᠡᠮᠲᠦᠯ ᠭᠠᠷᠳᠠᠬ ᠃ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠳᠣᠣᠷᠠᠬᠢ ᠬᠡᠳᠦᠨ ᠲᠠᠯ᠎ᠠ ᠶᠢᠨ ᠠᠰᠠᠭᠤᠳᠠᠯ ᠢ ᠠᠩᠬᠠᠷᠬᠤ ᠬᠡᠷᠡᠭᠲᠡᠢ ᠃      ᠨᠢᠭᠡ᠂ ᠬᠡᠷᠡᠭᠯᠡᠬᠦ ᠠᠴᠠ ᠡᠮᠦᠨ᠎ᠡ ᠪᠥᠬᠦ ᠲᠠᠯ᠎ᠠ ᠶᠢᠨ ᠴᠡᠪᠡᠷᠯᠡᠭᠡ ᠬᠢᠨ᠎ᠡ᠃ ᠭᠤᠯᠭᠤᠷᠢᠭᠤᠯᠬᠤ᠂ ᠲᠣᠬᠢᠷᠠᠭᠤᠯᠬᠤ᠂ ᠪᠠᠬᠢᠯᠡᠬᠦ ᠵᠡᠷᠭᠡ ᠠᠵᠢᠯ ᠢ ᠰᠠᠶᠢᠲᠤᠷ ᠬᠢᠵᠦ᠂ ᠡᠪᠦᠯ ᠤᠨ ᠤᠯᠠᠷᠢᠯ ᠳᠤ ᠲᠠᠷᠢᠶᠠᠯᠠᠩ ᠤᠨ ᠮᠠᠰᠢᠨ ᠢ ᠣᠷᠳᠣ ᠬᠤᠭᠤᠴᠠᠭ᠎ᠠ ᠪᠠᠷ ᠰᠤᠯᠠ ᠲᠠᠯᠪᠢᠭᠰᠠᠨ ᠠᠴᠠ ᠪᠣᠯᠤᠭᠰᠠᠨ ᠠᠳᠠᠯᠢ ᠪᠤᠰᠤ ᠰᠡᠯᠪᠢᠭ ᠲᠣᠨᠤᠭ ᠤᠨ ᠬᠤᠭᠤᠷᠣᠨᠳᠤ ᠰᠤᠯᠠᠷᠠᠬᠤ ᠪᠠ ᠬᠦᠰᠢᠭᠦᠷᠡᠬᠦ ᠠᠴᠠ ᠵᠠᠶᠢᠯᠠᠰᠬᠢᠵᠦ᠂ ᠮᠠᠰᠢᠨ ᠪᠠᠭᠠᠵᠢ ᠶᠢ ᠮᠡᠷᠭᠡᠵᠢᠯ ᠤᠨ ᠰᠠᠶᠢᠨ ᠪᠠᠶᠢᠳᠠᠯ ᠢᠶᠠᠷ ᠠᠵᠢᠯᠯᠠᠭᠠᠨ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ ᠂ ᠬᠠᠪᠤᠷ ᠤᠨ ᠤᠯᠠᠷᠢᠯ ᠤᠨ ᠳᠤᠯᠠᠭᠠᠨ ᠤ ᠬᠡᠮᠵᠢᠶ᠎ᠡ ᠳᠥᠩᠭᠡᠵᠢ ᠳᠡᠭᠡᠭᠰᠢᠯᠡᠵᠦ ᠪᠠᠶᠢᠭ᠎ᠠ ᠪᠣᠯᠬᠤᠷ ᠂ ᠲᠠᠷᠢᠶᠠᠯᠠᠩ ᠤᠨ ᠮᠠᠰᠢᠨ ᠤ ᠲᠡᠮᠦᠷᠯᠢᠭ ᠲᠤᠨᠤᠭ ᠨᠡᠯᠢᠶᠡᠳ ᠬᠡᠪᠡᠷᠡᠭ᠂ ᠲᠠᠷᠢᠶᠠᠯᠠᠩ ᠤᠨ ᠮᠠᠰᠢᠨ ᠤ ᠭᠤᠯᠭᠤᠷᠢᠭᠤᠯᠬᠤ ᠰᠢᠰᠲ᠋ᠧᠮ ᠢ ᠵᠠᠪᠠᠯ ᠲᠣᠭᠲᠠᠭᠰᠠᠨ ᠪᠠᠷᠢᠮᠵᠢᠶ᠎ᠠ ᠪᠠᠷ ᠠᠷᠠᠴᠢᠯᠠᠵᠤ ᠂ ᠪᠠᠷᠢᠮᠵᠢᠶᠠᠲᠤ ᠭᠤᠯᠭᠤᠷᠢᠭᠤᠯᠤᠭᠴᠢ ᠡᠳ᠋ ᠢ ᠬᠡᠷᠡᠭᠯᠡᠵᠦ ᠂ ᠢᠯᠴᠢ ᠶᠢᠨ ᠢᠯᠡᠳᠬᠡᠮᠵᠢ ᠪᠣᠯᠣᠨ ᠨᠢᠯᠲᠠᠭ ᠤᠨ ᠬᠡᠮᠵᠢᠶ᠎ᠡ ᠶᠢ ᠲᠣᠬᠢᠷᠠᠮᠵᠢᠲᠠᠢ ᠪᠠᠶᠢᠯᠭᠠᠬᠤ ᠬᠡᠷᠡᠭᠲᠡᠢ ᠃      ᠭᠤᠷᠪᠠ᠂ ᠬᠠᠪᠤᠷ ᠤᠨ ᠡᠬᠢᠨ ᠤ ᠠᠭᠠᠷ ᠤᠨ ᠳᠤᠯᠠᠭᠠᠨ ᠤ ᠥᠨᠳᠥᠷ ᠪᠣᠭᠤᠨᠢ ᠨᠢ ᠲᠣᠭᠲᠠᠪᠤᠷᠢ ᠦᠭᠡᠢ᠂ ᠬᠤᠪᠢᠷᠠᠯᠲᠠ ᠶᠡᠬᠡᠲᠡᠢ ᠪᠣᠯᠬᠤᠷ ᠬᠥᠳᠡᠯᠭᠡᠭᠴᠢ ᠬᠦᠴᠦᠨ ᠤ ᠮᠠᠰᠢᠨ ᠤ ᠬᠥᠷᠥᠭᠡᠯᠲᠡ ᠶᠢᠨ ᠰᠢᠰᠲ᠋ᠧᠮ ᠢ ᠵᠥᠪ ᠬᠡᠷᠡᠭᠯᠡᠬᠦ ᠶᠢ ᠣᠮᠲᠣᠭᠠᠶᠢᠯᠠᠵᠤ ᠪᠣᠯᠬᠤ ᠦᠭᠡᠢ᠃ ᠨᠢᠭᠡ ᠳᠤ ᠬᠥᠯᠳᠡᠬᠦ ᠠᠴᠠ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠰᠥᠨᠢ ᠶᠢᠨ ᠳᠤᠯᠠᠭᠠᠨ ᠤ ᠬᠡᠮᠵᠢᠶ᠎ᠡ 0℃ ᠠᠴᠠ ᠳᠣᠣᠷ᠎ᠠ ᠦᠶ᠎ᠡ ᠳᠤ ᠂ ᠬᠥᠷᠥᠭᠡᠭᠰᠡᠨ ᠤᠰᠤ ᠶᠢ ᠲᠠᠯᠪᠢᠨ ᠭᠠᠷᠭᠠᠵᠤ ᠂ ᠮᠠᠰᠢᠨ ᠤ ᠪᠡᠶ᠎ᠡ ᠶᠢᠨ ᠬᠥᠯᠳᠡᠵᠦ ᠬᠠᠭᠠᠷᠠᠬᠤ ᠠᠴᠠ ᠰᠡᠷᠭᠡᠶᠢᠯᠡᠬᠦ ᠬᠡᠷᠡᠭᠲᠡᠢ︔ ᠬᠤᠶᠠᠷ ᠲᠤ ᠮᠠᠰᠢᠨ ᠢ ᠳᠣᠣᠷ᠎ᠠ ᠳᠤᠯᠠᠭᠠᠨ ᠳᠤ ᠬᠥᠳᠡᠯᠭᠡᠭᠦ ᠦᠶ᠎ᠡ ᠳᠤ ᠤᠷᠢᠳᠴᠢᠯᠠᠨ ᠬᠠᠯᠠᠭᠠᠵᠤ ᠬᠥᠳᠡᠯᠭᠡᠭᠦ ᠬᠡᠷᠡᠭᠲᠡᠢ ︔ ᠭᠤᠷᠪᠠ ᠳᠤ ᠭᠤᠣᠯ ᠬᠥᠳᠡᠯᠭᠡᠭᠦᠷ ᠤᠨ ᠬᠡᠪ ᠤᠨ ᠬᠡᠷᠡᠭᠯᠡᠭᠡᠨ ᠤ ᠳᠤᠯᠠᠭᠠᠨ ᠤ ᠬᠡᠮᠵᠢᠶ᠎ᠡ ᠶᠢ ᠲᠣᠭᠲᠠᠭᠠᠬᠤ ᠬᠡᠷᠡᠭᠲᠡᠢ ᠃ ᠤᠰᠤᠨ ᠤ ᠳᠤᠯᠠᠭᠠᠨ ᠨᠢ 40℃ ᠠᠴᠠ ᠳᠡᠭᠡᠭᠰᠢ ᠪᠣᠯᠪᠠᠯ᠂ ᠠᠴᠢᠶ᠎ᠠ ᠦᠭᠡᠢ ᠬᠥᠳᠡᠯᠭᠡᠭᠡᠨ ᠬᠢᠵᠦ ᠪᠣᠯᠣᠨ᠎ᠠ︔ 60 ᠭᠷᠡᠳᠦ᠋ᠰ ᠠᠴᠠ ᠳᠡᠭᠡᠭᠰᠢ ᠪᠣᠯ ᠳᠠᠭᠠᠭᠠᠴᠠ ᠲᠠᠢ ᠪᠠᠷ ᠠᠵᠢᠯᠯᠠᠵᠤ ᠪᠣᠯᠣᠨ᠎ᠠ ᠃ ᠬᠡᠪ ᠤᠨ ᠠᠵᠢᠯ ᠤᠨ ᠳᠤᠯᠠᠭᠠᠨ ᠤ ᠬᠡᠮᠵᠢᠶ᠎ᠡ ᠶᠢ 80-95℃ ᠤᠨ ᠬᠤᠭᠤᠷᠣᠨᠳᠤ ᠪᠠᠶᠢᠯᠭᠠᠪᠠᠯ ᠵᠣᠬᠢᠨ᠎ᠠ ᠃      ᠳᠥᠷᠪᠡ ᠂ ᠲᠷᠠᠺᠲ᠋ᠣᠷ ᠤᠨ ᠠᠵᠢᠯ ᠳᠠᠭᠤᠰᠤᠭᠰᠠᠨ ᠤ ᠲᠠᠷᠠᠭ᠎ᠠ ᠰᠠᠯᠬᠢᠨ ᠳᠤ ᠦᠯᠢᠶᠡᠭᠳᠡᠬᠦ ᠦᠭᠡᠢ  ᠨᠦᠮᠦᠷᠢ ᠭᠠᠵᠠᠷ ᠲᠠᠯᠪᠢᠬᠤ ᠬᠡᠷᠡᠭᠲᠡᠢ ᠃ ᠬᠡᠷᠪᠡ ᠭᠠᠳᠠᠨ᠎ᠠ ᠲᠠᠯᠪᠢᠪᠠᠯ ᠂ ᠬᠡᠯᠬᠢᠶ᠎ᠡ ᠳ᠋ᠢᠶᠠᠨ ᡂᠢ ᠶᠢ ᠰᠠᠯᠭᠠᠵᠤ ᠂   ᠲᠡᠭᠷᠢ ᠭᠡᠨᠡᠳᠲᠡ ᠬᠦᠢᠳᠡᠷᠡᠭᠡᠳ ᠬᠥᠯᠳᠡᠵᠦ ᠡᠪᠳᠡᠷᠡᠬᠦ ᠠᠴᠠ ᠰᠡᠷᠭᠡᠶᠢᠯᠡᠬᠦ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号