ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠪᠦᠯᠬᠦᠮ ᠳᠠᠭᠠᠭᠤᠯᠤᠨ ᠤᠯᠠᠭᠠᠨᠴᠠᠪ ᠬᠤᠲᠠ ᠳᠤ ᠬᠦᠷᠴᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2023/2/15
      2 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠪᠦᠯᠬᠦᠮ ᠳᠠᠭᠠᠭᠤᠯᠤᠨ ᠤᠯᠠᠭᠠᠨᠴᠠᠪ ᠬᠤᠲᠠ ᠳᠤ ᠬᠦᠷᠴᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃      ᠪᠠᠶᠢᠴᠠᠭᠠᠬᠤ ᠳᠤᠭᠤᠶᠢᠯᠠᠩ ᠤᠨ  ᠬᠢᠨ ᠶᠠᠷᠢᠯᠴᠠᠬᠤ ᠬᠤᠷᠠᠯ ᠬᠤᠷᠠᠯᠳᠤᠭᠤᠯᠵᠤ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠭᠠᠨᠴᠠᠪ ᠬᠤᠲᠠ ᠶᠢᠨ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠠᠵᠢᠯᠯᠠᠬᠤ ᠨᠥᠬᠦᠴᠡᠯ᠂ ᠬᠠᠤᠯᠢ ᠬᠡᠷᠡᠭᠵᠢᠭᠦᠯᠬᠦ ᠲᠠᠪᠴᠠᠩ ᠤᠨ ᠪᠠᠶᠢᠭᠤᠯᠤᠯᠲᠠ᠂ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠦ ᠨᠢ ᠪᠠᠶᠢᠴᠠᠭᠠᠨ ᠦᠵᠡᠭᠰᠡᠨ ᠤ ᠬᠠᠮᠳᠤ ᠥᠩᠭᠡᠷᠡᠭᠰᠡᠨ ᠨᠢᠭᠡ ᠵᠢᠯ ᠤᠨ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠨᠤᠲᠠᠯᠠᠪᠠ᠃ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠴᠢᠬᠤᠯᠠᠴᠢᠯᠠᠬᠤ ᠳᠦ ᠪᠡᠨ ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠢᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ︽ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ︾ ᠣᠶᠢᠯᠠᠭᠠᠭᠳᠠᠬᠤᠨ ᠢ  ᠪᠠᠳᠤ ᠪᠠᠬᠢᠵᠢᠬᠦᠯᠦᠨ ᠂ ︽ᠠᠷᠠᠳ ᠲᠤ ᠦᠢᠯᠡᠴᠢᠯᠡᠬᠦ︾ ᠵᠣᠷᠢᠯᠲᠠ ᠶᠢ ᠬᠦᠨᠵᠡᠭᠡᠢ ᠦᠢᠯᠡᠳᠦᠯᠭᠡᠵᠢᠭᠦᠯᠵᠦ᠂ ᠪᠣᠯᠭᠤᠮᠵᠢᠲᠠᠢ   ᠪᠠᠷ  ᠭᠡᠷᠡᠭ ᠳᠠᠩᠰᠠᠯᠠᠨ ᠂ ᠬᠡᠷᠡᠭ ᠰᠢᠢᠳᠪᠦᠷᠢᠯᠡᠬᠦ ᠶᠢ ᠵᠢᠷᠤᠮᠵᠢᠭᠤᠯᠵᠤ ᠂ ᠬᠡᠷᠡᠭ ᠢ ᠪᠤᠷᠤᠭᠤ  ᠰᠢᠢᠳᠪᠦᠷᠢᠯᠡᠬᠦ ᠦᠭᠡᠢ  ᠪᠠᠷ ᠴᠢᠷᠮᠠᠶᠢᠨ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠦᠢᠯᠡᠳᠦᠯ  ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠡᠢ᠃      ᠵᠠᠯᠭᠠᠭᠠᠳ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠤᠷᠢᠳ ᠬᠤᠵᠢᠳ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠰᠢᠩ ᠾᠧ ᠰᠢᠶᠠᠨ᠂ ᠵᠦᠸᠧᠽᠢ ᠰᠢᠶᠠᠨ ᠵᠡᠷᠭᠡ 3 ᠬᠤᠰᠢᠭᠤ ᠰᠢᠶᠠᠨ ᠤ 13 ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ᠂ ᠲᠡᠵᠢᠭᠡᠯ ᠪᠣᠷᠳᠤᠭ᠎ᠠ᠂ ᠲᠠᠷᠢᠶᠠᠯᠠᠩ ᠤᠨ ᠮᠠᠰᠢᠨ ᠪᠠᠭᠠᠵᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠤᠨ ᠠᠵᠤ ᠠᠬᠤᠶᠢᠯᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠠᠵᠤ ᠠᠬᠤᠶᠢᠯᠠᠯ ᠳᠤ ᠬᠦᠷᠴᠦ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠡᠢ᠃ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠬᠡᠮ ᠂ ᠣᠷᠣᠭᠤᠯᠵᠤ ᠪᠣᠷᠣᠯᠠᠭᠤᠯᠬᠤ ᠪᠠᠷᠠᠭᠠᠨ ᠤ ᠡᠬᠡ ᠳᠠᠩᠰᠠ ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠂ ᠪᠦᠲᠦᠭᠡᠭᠳᠡᠬᠦᠨ ᠤ ᠱᠣᠰᠢᠭ᠎ᠠ ᠲᠡᠮᠳᠡᠭ ᠤᠨ ᠪᠣᠭᠤᠳᠠᠯ ᠪᠠᠭᠯᠠᠭ᠎ᠠ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠂ ᠣᠷᠣᠭᠤᠯᠵᠤ ᠪᠣᠷᠣᠯᠠᠭᠤᠯᠬᠤ ᠠᠷᠭ᠎ᠠ ᠵᠠᠮ ᠂ ᠶᠠᠰᠤ ᠴᠢᠨᠠᠷ ᠂ ᠦᠨ᠎ᠡ ᠬᠠᠩᠰᠢ ᠪᠣᠯᠣᠨ ᠬᠠᠩᠭᠠᠨ ᠪᠣᠷᠣᠯᠠᠭᠤᠯᠬᠤ ᠪᠠᠶᠢᠳᠠᠯ ᠢ ᠨᠠᠷᠢᠨ ᠠᠰᠠᠭᠤᠨ ᠯᠠᠪᠯᠠᠵᠤ ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠭᠠᠵᠠᠷ ᠂ ᠬᠥᠮᠥᠷᠭᠡ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠭᠰᠡᠨ ᠪᠥᠭᠡᠳ ᠲᠤᠬᠠᠢ ᠶᠢᠨ ᠭᠠᠵᠠᠷ ᠤᠨ ᠬᠢᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠴᠠᠭ ᠲᠤᠬᠠᠢ ᠳᠤ ᠨᠢ ᠡᠬᠢᠯᠡᠭᠦᠯᠬᠦ ᠪᠠ ᠪᠠᠶᠢᠷᠢᠯᠠᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠃
7.jpg
8.jpg
9.jpg
 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号