ᠥᠪᠥᠷ ᠮᠣᠩᠭᠤᠯ ᠤᠨ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ | ︽ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ︾ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 13 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ ᠭᠤᠣᠯ ᠪᠣᠯᠬᠤ ᠠᠮᠤ ᠲᠣᠰᠣᠨ ᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠢᠩᠬᠢᠮ ᠤᠨ ᠳᠡᠳ᠋ ᠳᠠᠷᠤᠭ᠎ᠠ ᠦ᠋ | ᠰᠢᠶᠠᠩ ᠯᠢᠶᠠᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠥᠯᠥᠨ ᠪᠤᠶᠢᠷ ᠬᠤᠳᠠ ᠂ ᠲᠦᠩᠯᠢᠶᠣᠣ ᠬᠤᠳᠠ ᠂ | ᠤᠯᠠᠭᠠᠨᠴᠠᠪ ᠬᠤᠳᠠ ᠂ ᠪᠠᠶᠠᠨᠨᠠᠭᠤᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠵᠢᠴᠢ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠠᠮᠢᠶ᠎ᠠ ᠪᠦᠬᠦᠢ ᠭᠠᠵᠠᠷ ᠭᠡᠷ ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠠᠮᠢᠶ᠎ᠠ ᠪᠦᠬᠦᠢ ᠭᠠᠵᠠᠷ ᠭᠡᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃ | | | | | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠥᠪᠥᠷ ᠮᠣᠩᠭᠤᠯ ᠤᠨ ᠭᠤᠣᠯ | ᠪᠣᠯᠬᠤ ᠠᠮᠤ ᠲᠣᠰᠣᠨ ᠤ ᠲᠠᠷᠢᠮᠠᠯ ᠤᠨ ᠣᠷᠣᠨ ᠪᠦᠰᠡ ᠬᠤᠪᠢᠶᠠᠨ ᠲᠠᠯᠠᠪᠠᠶ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠶᠢ ᠭᠤᠣᠯᠯᠠᠨ ᠠᠬᠢᠭᠤᠯᠬᠤ ᠮᠡᠷᠭᠡᠵᠢᠯ᠂ ᠵᠠᠭᠪᠤᠷ᠂ ᠪᠡᠯᠡ ᠮᠥᠩᠭᠦ ᠶᠢᠨ ᠪᠠᠲᠤᠯᠠᠭ᠎ᠠ ᠵᠡᠷᠭᠡ ᠶᠢᠨ | ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠷᠠᠯ ᠠᠴᠠ ᠂ ᠮᠠᠨ ᠤ ᠣᠷᠣᠨ ᠤ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠳᠠᠯᠳᠠ ᠬᠦᠴᠦᠨ ᠮᠠᠰᠢ ᠶᠡᠭᠡ ᠪᠠᠶᠢᠨ᠎ᠠ ᠂ ᠬᠠᠷᠠᠯᠲᠠ ᠡᠭᠦᠷᠭᠡ ᠪᠠᠨ ᠲᠦᠷᠭᠡᠨ | ᠲᠣᠭᠲᠠᠭᠠᠵᠤ ᠂ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ ᠃ ᠦ᠋ | ᠰᠢᠶᠠᠩ ᠯᠢᠶᠠᠩ ᠴᠢᠬᠤᠯᠠᠴᠢᠯᠠᠬᠤ ᠳᠤ ᠪᠠᠨ᠂ ᠲᠦᠷᠪᠡᠨ ᠲᠠᠯ᠎ᠠ ᠠᠴᠠ ᠲᠠᠯᠠᠪᠠᠢ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠬᠤ ᠬᠡᠷᠡᠭᠲᠡᠢ ᠃ ᠨᠢᠭᠡ ᠳᠤ ᠵᠠᠩᠭᠢᠯᠠᠭ᠎ᠠ ᠶᠢ ᠠᠳᠬᠤᠨ ᠲᠠᠯᠠᠪᠠᠶ | ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ᠂ ᠰᠠᠶᠢᠨ ᠦᠷ᠎ᠡ᠂ ᠰᠠᠶᠢᠨ ᠲᠠᠷᠢᠶ᠎ᠠ ᠂ ᠰᠠᠶᠢᠨ ᠠᠷᠭ᠎ᠠ ᠪᠣᠯᠣᠨ ᠰᠠᠶᠢᠨ | ᠲᠣᠬᠢᠶᠠᠯ ᠢ ᠪᠦᠲᠦᠮᠵᠢᠲᠡᠢ ᠠᠭᠤᠰᠤᠯᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠮᠡᠷᠭᠡᠵᠢᠯ ᠤᠨ ᠬᠤᠷᠠᠮᠠᠯ | ᠰᠢᠪᠲᠤᠯᠤᠯᠲᠠ ᠶᠢ ᠪᠡᠶᠡᠯᠡᠭᠦᠯᠦᠨ᠎ᠡ ︔ ᠬᠤᠶᠠᠷ ᠲᠤ ᠪᠠᠭᠤᠷᠠᠢ ᠵᠦᠢᠯᠡᠰ ᠢ ᠠᠳᠬᠤᠨ ᠲᠠᠯᠠᠪᠠᠶ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠵᠦ᠂ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠂ ᠬᠠᠭᠤᠷᠠᠢ ᠲᠠᠷᠢᠮᠠᠯ ᠤᠨ ᠣᠷᠣᠨ ᠪᠠ | ᠳᠣᠣᠷ᠎ᠠ ᠤᠨᠠᠯᠲᠠ ᠲᠠᠢ ᠲᠠᠷᠢᠮᠠᠯ ᠤᠨ ᠪᠡᠷᠬᠡ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠮᠡᠷᠭᠡᠵᠢᠯ ᠤᠨ ᠪᠡᠷᠬᠡ | ᠰᠡᠳᠦᠪ ᠢ ᠰᠢᠢᠳᠪᠦᠷᠢᠯᠡᠬᠦ ᠳᠤ ᠠᠩᠬᠠᠷᠤᠯ ᠢᠶᠠᠨ ᠲᠦᠪᠯᠡᠷᠡᠭᠦᠯᠵᠦ᠂ ᠪᠠᠭᠤᠷᠠᠢ ᠵᠦᠢᠯᠡᠰ ᠤᠨ ᠳᠤᠲᠠᠭᠤᠳᠠᠯ ᠢ | ᠨᠥᠬᠦᠪᠦᠷᠢᠯᠡᠨ᠎ᠡ ︔ ᠭᠤᠷᠪᠠ ᠳᠤ ᠦᠢᠯᠡᠴᠢᠯᠡᠭᠡ ᠶᠢ ᠠᠳᠬᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ᠂ | ᠨᠡᠶᠢᠭᠡᠮᠴᠢᠯᠡᠭᠰᠡᠨ ᠦᠢᠯᠡᠴᠢᠯᠡᠭᠡ ᠪᠠᠷ ᠵᠢᠯᠣᠭᠤᠳᠤᠮᠵᠢ ᠪᠣᠯᠭᠠᠵᠤ ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠂ | ᠳᠡᠯᠭᠡᠷᠡᠭᠦᠯᠵᠦ ᠪᠣᠯᠬᠤ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ ᠂ ᠣᠷᠣᠨ ᠪᠦᠰᠡ ᠶᠢᠨ ᠶᠡᠭᠡ ᠬᠡᠪᠴᠢᠶ᠎ᠡ ᠪᠠᠷ | ᠲᠡᠩᠴᠡᠭᠦᠷᠢᠲᠡᠢ ᠭᠠᠷᠤᠯᠲᠠ ᠪᠠᠨ ᠨᠡᠮᠡᠭᠳᠡᠭᠦᠯᠬᠦ ᠶᠢ ᠵᠢᠱᠢᠶ᠎ᠡ ᠦᠵᠡᠭᠦᠯᠦᠨ ᠲᠠᠶᠢᠴᠢᠯᠠᠨ᠎ᠠ ︔ ᠳᠥᠷᠪᠡ ᠳᠤ ᠲᠣᠭᠲᠠᠴᠠ | ᠶᠢ ᠠᠳᠬᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠵᠤ ᠂ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ ᠂ ᠪᠦᠬᠦ ᠣᠷᠣᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ ᠭᠡᠪᠡ᠃ | |