2 ᠰᠠᠷ᠎ᠠ ᠶᠢᠨ 13 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠰᠢᠶᠠᠩ ᠪᠠᠯᠭᠠᠰᠤᠨ ᠤ | ᠬᠠᠮᠢᠶ᠎ᠠ ᠪᠦᠬᠦᠢ ᠤᠳᠤᠷᠢᠳᠤᠯᠭ᠎ᠠ᠂ ᠭᠠᠴᠠᠭ᠎ᠠ ᠲᠣᠰᠬᠤᠨ ᠤ ᠵᠥᠪᠯᠡᠯ ᠤᠨ ᠬᠠᠷᠢᠭᠤᠴᠠᠯᠭᠠᠲᠠᠨ᠂ ᠨᠡᠶᠢᠭᠡᠮᠴᠢᠯᠡᠭᠰᠡᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ 18 ᠬᠥᠮᠥᠨ ᠢ ᠵᠣᠬᠢᠶᠠᠨ ᠪᠠᠶᠢᠭᠤᠯᠵᠤ᠂ | ᠲᠦᠮᠡᠳ ᠪᠠᠷᠠᠭᠤᠨ ᠬᠤᠰᠢᠭᠤᠨ ᠳᠤ ᠬᠦᠷᠴᠦ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ | ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠪᠠᠶᠢᠴᠠᠭᠠᠨ ᠰᠤᠷᠤᠯᠴᠠᠭᠤᠯᠪᠠ᠃ | ᠠᠯᠬᠤᠮ ᠤᠨ ᠲᠣᠬᠢᠷᠠᠭᠤᠯᠤᠯᠲᠠ ᠪᠠᠷ᠂ ᠡᠩ ᠲᠡᠷᠢᠭᠦᠨ ᠳᠤ ᠲᠦᠮᠡᠳ ᠪᠠᠷᠠᠭᠤᠨ ᠬᠤᠰᠢᠭᠤᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠳᠤ ᠶᠠᠷᠢᠯᠴᠠᠬᠤ ᠬᠤᠷᠠᠯ ᠬᠢᠵᠡᠢ᠃ | ᠲᠦᠮᠡᠳ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠥᠳᠡᠭᠡ ᠲᠣᠰᠬᠤᠨ ᠤ ᠠᠵᠤ ᠠᠬᠤᠢ ᠪᠠ | ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠲᠥᠪ ᠤᠨ ᠠᠵᠢᠯᠲᠠᠳ ᠲᠠᠢ ᠲᠦᠮᠡᠳ ᠪᠠᠷᠠᠭᠤᠨ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠢ | ᠥᠷᠨᠢᠭᠦᠯᠦᠭᠰᠡᠨ ᠪᠠᠶᠢᠳᠠᠯ ᠪᠠ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠬᠤᠪᠢᠶᠠᠯᠴᠠᠵᠤ᠂ ᠳᠠᠷᠠᠭ᠎ᠠ ᠨᠢ ᠲᠦᠮᠡᠳ | ᠪᠠᠷᠠᠭᠤᠨ ᠬᠤᠰᠢᠭᠤᠨ ᠤ ᠲᠢᠶᠧ ᠵᠢᠶᠦ᠋ᠨ ᠲᠠᠷᠢᠶᠠᠯᠠᠩ ᠤᠨ ᠮᠠᠰᠢᠨ ᠤ ᠲᠠᠷᠢᠶᠠᠴᠢᠨ ᠤ ᠲᠤᠰᠬᠠᠢ ᠠᠵᠢᠯ ᠤᠨ | ᠬᠤᠷᠰᠢᠶ᠎ᠠ ᠪᠣᠯᠣᠨ ᠲᠢᠶᠠᠨ ᠡᠾᠦ᠋ᠢ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠳᠤ ᠬᠦᠷᠴᠦ ᠲᠣᠭᠤᠷᠢᠨ | ᠦᠵᠡᠵᠦ ᠰᠢᠨᠵᠢᠯᠡᠨ ᠪᠠᠶᠢᠴᠠᠭᠠᠪᠠ ᠃ ᠬᠤᠶᠠᠷ ᠬᠤᠷᠰᠢᠶᠠᠨ ᠤ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ | ᠡᠵᠡᠩᠨᠡᠯᠲᠡ ᠶᠢᠨ ᠪᠠᠶᠢᠳᠠᠯ ᠂ ᠭᠤᠣᠯ ᠠᠷᠭ᠎ᠠ ᠬᠢᠳᠡᠯ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠵᠤ ᠂ ᠲᠣᠭᠤᠷᠢᠨ | ᠦᠵᠡᠬᠦ ᠲᠤᠬᠠᠢ ᠶᠢᠨ ᠲᠠᠯᠠᠪᠠᠢ ᠳᠤ ᠬᠥᠭᠵᠢᠶᠡᠨᠲᠡᠢ ᠶᠠᠷᠢᠯᠴᠠᠵᠤ ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠳᠠᠵᠤ ᠂ | ᠥᠨᠳᠥᠷ ᠲᠤ ᠵᠣᠭᠰᠣᠨ ᠠᠯᠤᠰ ᠢ ᠪᠠᠷᠠᠯᠠᠵᠤ ᠂ ᠬᠤᠶᠠᠷ ᠭᠠᠵᠠᠷ ᠤᠨ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠡᠢ ᠃ | ᠭᠠᠳᠠᠭᠰᠢ ᠭᠠᠷᠴᠤ ᠣᠷᠣᠭᠤᠯᠵᠤ ᠠᠪᠴᠢᠷᠠᠬᠤ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠪᠣᠳᠠᠲᠤ ᠪᠠᠶᠢᠳᠠᠯ ᠳᠤ ᠪᠠᠨ ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠰᠠᠶᠢᠨ ᠲᠠᠯ᠎ᠠ ᠶᠢ | ᠨᠢ ᠠᠪᠴᠤ ᠰᠠᠭᠠᠷᠠᠤ ᠲᠠᠯ᠎ᠠ ᠪᠠᠨ ᠨᠥᠬᠦᠨ᠎ᠡ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠲᠣᠰ ᠤᠳᠠᠭᠠᠨ ᠤ ᠦᠵᠡᠭᠦᠯᠭᠡ ᠶᠢᠨ | ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠷ ᠵᠢᠯᠣᠭᠤᠳᠤᠯᠭ᠎ᠠ ᠪᠣᠯᠭᠠᠵᠤ᠂ ᠵᠠᠩᠭᠢᠯᠠᠭ᠎ᠠ ᠶᠢᠨ ᠪᠠᠭᠤᠷᠠᠢ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ | ᠵᠢᠵᠢᠭ ᠲᠠᠷᠢᠶᠠᠴᠢᠨ ᠡᠷᠦᠬᠡ ᠳᠤ ᠰᠠᠶᠢᠲᠤᠷ ᠦᠢᠯᠡᠴᠢᠯᠡᠨ ᠰᠠᠶᠢᠲᠤᠷ ᠲᠠᠶᠢᠴᠢᠯᠠᠵᠤ ᠂ ᠵᠢᠵᠢᠭ ᠲᠠᠷᠢᠶᠠᠴᠢᠨ | ᠡᠷᠦᠬᠡ ᠶᠢᠨ ᠦᠢᠯᠡᠳᠪᠦᠷᠢᠯᠡᠯ ᠢ ᠨᠠᠶᠢᠳᠠᠨ ᠬᠠᠮᠢᠶᠠᠷᠤᠭᠤᠯᠵᠤ ᠣᠷᠣᠯᠭ᠎ᠠ ᠪᠠᠨ ᠨᠡᠮᠡᠭᠳᠡᠭᠦᠯᠬᠦ ᠳᠤ ᠬᠠᠮᠵᠢᠨ ᠂ | ᠲᠠᠷᠢᠶᠠᠯᠠᠩ ᠢ ᠬᠥᠭᠵᠢᠯᠲᠡ ᠶᠢᠨ ᠡᠷᠡᠮᠡᠯᠵᠡᠯ ᠲᠠᠢ ᠠᠵᠤ ᠦᠢᠯᠡᠰ ᠪᠣᠯᠭᠠᠵᠤ᠂ ᠵᠢᠵᠢᠭ ᠲᠠᠷᠢᠶᠠᠴᠢᠨ ᠡᠷᠦᠬᠡ ᠶᠢ | ᠳᠠᠶᠢᠴᠢᠯᠠᠨ ᠠᠮᠤ ᠪᠤᠳᠠᠭ᠎ᠠ ᠳᠠᠷᠢᠬᠤ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ︽ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠣᠯᠣᠨ ᠨᠡᠶᠢᠭᠡᠮᠴᠢᠯᠡᠭᠰᠡᠨ | ᠦᠢᠯᠡᠴᠢᠯᠡᠭᠡ ᠶᠢ ᠬᠥᠭᠵᠢᠭᠦᠯᠬᠦ ︾ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠪᠢᠴᠢᠨ | ᠣᠷᠣᠭᠤᠯᠵᠤ ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢᠨ ᠴᠢᠬᠤᠯᠠ ᠴᠢᠨᠠᠷ ᠢ ᠢᠯᠡᠷᠡᠭᠦᠯᠵᠦ ᠂ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠤᠳᠤ ᠦᠶ᠎ᠡ ᠶᠢᠨ ᠲᠠᠷᠢᠶᠠᠯᠠᠩ ᠤᠨ ᠬᠦᠴᠦᠷᠬᠡᠭ ᠤᠯᠤᠰ ᠢ | ᠲᠤᠰᠠᠯᠠᠬᠤ ᠰᠢᠨ᠎ᠡ ᠬᠠᠭᠤᠳᠠᠰᠤ ᠶᠢ ᠨᠡᠭᠡᠭᠡᠪᠡ ᠃ ᠡᠭᠦᠨ ᠤ ᠲᠤᠯᠠᠳᠠ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠡᠨᠡ ᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠲᠠᠷᠢᠶᠠᠯᠠᠩ ᠤᠨ ᠵᠣᠬᠢᠬᠤ ᠬᠡᠪᠴᠢᠶᠡᠨ ᠤ ᠬᠥᠭᠵᠢᠯᠲᠡ ᠳᠤ ᠬᠦᠴᠦᠨ ᠨᠡᠮᠡᠷᠢᠯᠡᠵᠦ᠂ ᠲᠠᠷᠢᠶᠠᠴᠢᠳ ᠤᠨ ᠠᠮᠤ ᠪᠤᠳᠠᠭ᠎ᠠ | ᠲᠠᠷᠢᠬᠤ ᠢᠳᠡᠪᠬᠢᠵᠢᠯ ᠢ ᠭᠦᠢᠴᠡᠳ ᠲᠠᠶᠢᠴᠢᠯᠠᠨ᠂ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠪᠠᠷ | ᠴᠢᠷᠮᠠᠶᠢᠨ ᠠᠵᠢᠯᠯᠠᠵᠤ ᠪᠤᠢ ᠃ | |