︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 740 ᠳ᠋ᠦ᠋ᠭᠡᠷ ᠲᠣᠭᠠᠲᠤ︶ ᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ | ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ | ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ | ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ | ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠳᠣᠣᠷᠠᠬᠢ ᠮᠡᠲᠦ ᠲᠠᠶᠢᠯᠪᠦᠷᠢᠯᠠᠪᠠ᠃ | ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ︖ | 2021 ᠣᠨ ᠤ 4 ᠳ᠋ᠦ᠋ᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠵᠦ᠂ | ︽ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠠᠮᠤ ᠪᠤᠳᠠᠭ᠎ᠠ | ᠪᠠ ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠮᠤ ᠪᠤᠳᠠᠭ᠎ᠠ | ᠬᠤᠳᠠᠯᠳᠤᠨ ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ | ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠂ ᠪᠣᠳᠠᠲᠠᠢ ᠬᠠᠮᠢᠶᠠᠷᠤᠯᠲᠠ ᠶᠢᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ | ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ︾ ᠭᠡᠵᠦ | ᠳᠤᠷᠠᠳᠤᠨ ᠭᠠᠷᠭᠠᠪᠠ᠃ ︽ᠠᠷᠭ᠎ᠠ︾ ᠨᠢ ᠮᠠᠨ ᠤ ᠣᠷᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠤᠯᠤᠰ ᠲᠥᠷᠥ ᠶᠢᠨ ᠵᠣᠭᠰᠣᠴᠠ ᠳᠤ ᠰᠠᠭᠤᠷᠢᠯᠠᠵᠤ᠂ ︽ᠠᠮᠤ ᠪᠤᠳᠠᠭᠠᠨ ᠤ ᠭᠦᠢᠯᠭᠡᠭᠡᠨ ᠤ | ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠤᠨ ᠪᠣᠳᠠᠲᠠᠶᠢᠵᠢᠭᠤᠯᠵᠤ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠮᠤ ᠪᠤᠳᠠᠭ᠎ᠠ ᠦᠢᠯᠡᠳᠪᠦᠷᠢᠯᠡᠭᠴᠢᠳ᠂ ᠬᠤᠳᠠᠯᠳᠤᠨ | ᠠᠪᠤᠭᠴᠢᠳ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠳᠦᠷᠢᠮ ᠤᠨ ᠪᠠᠲᠤᠯᠠᠭ᠎ᠠ | ᠬᠠᠩᠭᠠᠵᠤ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ | ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ | ᠬᠤᠶᠠᠷ᠂ ︽ᠠᠷᠭ᠎ᠠ︾ ᠶᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖ | ︵ᠨᠢᠭᠡ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ︵ᠲᠦᠷᠦ ᠶᠢᠨ | ᠶᠠᠪᠤᠳᠠᠯ ᠤᠨ ᠬᠤᠷᠢᠶᠠᠨ ᠤ ᠵᠠᠷᠯᠢᠭ 740 ᠳ᠋ᠦ᠋ᠭᠡᠷ ᠲᠣᠭᠠᠲᠤ︶ | ︵ᠬᠤᠶᠠᠷ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠤᠨ ᠠᠮᠤ ᠪᠤᠳᠠᠭ᠎ᠠ | ᠬᠤᠳᠠᠯᠳᠤᠨ ᠠᠪᠬᠤ ᠬᠢᠷᠢ ᠬᠡᠮ ᠤᠨ ᠵᠥᠪᠰᠢᠶᠡᠷᠡᠯ ᠢ ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠵᠦᠢᠯᠡᠰ ᠢ | ᠬᠢᠨᠠᠮᠠᠭᠠᠢ ᠨᠠᠶᠢᠳᠠᠪᠤᠷᠢᠵᠢᠭᠤᠯᠬᠤ ᠲᠤᠬᠠᠢ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ | ᠠᠯᠪᠠᠨ ᠭᠡᠷ ᠤᠨ ᠮᠡᠳᠡᠭᠳᠡᠯ ︵ᠲᠦᠷᠦ ᠠᠮᠤ ᠪᠤᠳᠠᠭ᠎ᠠ ᠠᠯᠪᠠᠨ ᠠᠮᠤ ﹇2021﹈ 100 ᠳ᠋ᠤᠭᠠᠷ ᠲᠣᠭᠠᠲᠤ︶ ᠢᠶᠠᠷ | ᠦᠨᠳᠦᠰᠦᠯᠡᠯ ᠪᠣᠯᠭᠠᠨ᠎ᠠ᠃ | ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠪᠤᠢ︖ | ︽ᠠᠷᠭ᠎ᠠ︾ ᠳᠤ ᠲᠤᠯᠤᠭᠠᠨ ᠪᠦᠯᠦᠭ ᠳᠥᠴᠢᠨ ᠲᠠᠪᠤᠨ ᠵᠦᠢᠯ ᠪᠠᠭᠲᠠᠨ᠎ᠠ᠃ ᠨᠢᠭᠡᠳᠦᠭᠡᠷ ᠪᠦᠯᠦᠭ ᠨᠢ | ᠶᠡᠷᠦᠩᠬᠡᠢ ᠳᠦᠷᠢᠮ᠂ ᠨᠡᠶᠢᠲᠡ 6 ᠵᠦᠢᠯ ᠪᠠᠶᠢᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠭᠤᠣᠯ | ᠴᠣᠭᠴᠠ᠂ ᠵᠢᠷᠤᠮᠯᠠᠬᠤ ᠵᠠᠷᠴᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃ ᠬᠤᠶᠠᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ | ᠠᠵᠤ ᠠᠬᠤᠶᠢᠯᠠᠯ ᠢ ᠪᠦᠷᠢᠳᠬᠡᠨ ᠳᠠᠩᠰᠠᠯᠠᠭᠤᠯᠬᠤ᠂ ᠨᠡᠶᠢᠳᠡ 11 ᠵᠦᠢᠯ ᠪᠠᠶᠢᠵᠤ᠂ ᠬᠤᠳᠠᠯᠳᠤᠨ ᠠᠪᠬᠤ ᠠᠵᠤ | ᠠᠬᠤᠶᠢᠯᠠᠯ ᠤᠨ ᠳᠠᠩᠰᠠᠯᠠᠭᠤᠯᠬᠤ ᠠᠷᠭ᠎ᠠ ᠮᠠᠶ᠋ᠢᠭ᠂ ᠳᠠᠩᠰᠠᠯᠠᠭᠤᠯᠬᠤ ᠮᠠᠲ᠋ᠧᠷᠢᠶᠠᠯ᠂ ᠳᠠᠩᠰᠠᠯᠠᠭᠤᠯᠬᠤ ᠶᠠᠪᠤᠴᠠ ᠵᠢᠴᠢ | ᠳᠠᠩᠰᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠭᠤᠷᠪᠠᠳᠤᠭᠠᠷ ᠪᠦᠯᠦᠭ ᠨᠢ ᠠᠮᠤ | ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠵᠢᠷᠤᠮᠵᠢᠯ᠂ ᠨᠡᠶᠢᠳᠡ 9 ᠵᠦᠢᠯ ᠪᠠᠶᠢᠵᠤ᠂ ᠬᠤᠳᠠᠯᠳᠤᠨ | ᠠᠪᠤᠭᠴᠢ ᠶᠢᠨ ᠪᠦᠷᠢᠯᠳᠦᠭᠦᠯᠪᠡᠰᠦ ᠵᠣᠬᠢᠬᠤ ᠨᠥᠬᠦᠴᠡᠯ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢᠨ ᠵᠢᠷᠤᠮᠵᠢᠯ ᠳᠤ | ᠲᠣᠳᠣᠷᠬᠠᠢ ᠱᠠᠭᠠᠷᠳᠠᠯᠭ᠎ᠠ ᠳᠤᠷᠠᠳᠪᠠ᠃ ᠳᠥᠷᠪᠡᠳᠦᠭᠡᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠠᠰᠤ | ᠴᠢᠨᠠᠷ ᠤᠨ ᠬᠠᠮᠢᠶᠠᠷᠤᠯᠲᠠ᠂ ᠨᠡᠶᠢᠳᠠ 5 ᠵᠦᠢᠯ ᠪᠠᠶᠢᠵᠤ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ᠂ | ᠰᠢᠯᠭᠠᠨ ᠪᠠᠶᠢᠴᠠᠭᠠᠯᠲᠠ᠂ ᠬᠠᠮᠢᠶᠠᠷᠤᠯᠲᠠ ᠶᠢᠨ ᠲᠦᠢᠷᠢᠮ ᠵᠡᠷᠭᠡ ᠶᠢ ᠲᠣᠳᠣᠷᠬᠠᠶᠢᠯᠠᠪᠠ᠃ ᠲᠠᠪᠤᠳᠤᠭᠠᠷ ᠪᠦᠯᠦᠭ ᠨᠢ | ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ᠂ ᠨᠡᠶᠢᠳᠡ 6 ᠵᠦᠢᠯ ᠪᠠᠶᠢᠵᠤ᠂ ᠠᠮᠤ ᠪᠤᠳᠠᠭ᠎ᠠ | ᠪᠣᠯᠣᠨ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠵᠣᠬᠢᠴᠠᠭᠤᠯᠵᠤ ᠪᠠᠶᠢᠭᠠᠳ ᠲᠣᠬᠢᠷᠠᠭᠤᠯᠤᠨ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠶᠢ ᠴᠢᠩᠭᠠᠳᠬᠠᠵᠤ᠂ | ᠠᠮᠤ ᠪᠤᠳᠠᠭ᠎ᠠ ᠬᠤᠷᠢᠶᠠᠬᠤ ᠬᠥᠮᠥᠨ ᠲᠠᠢ᠂ ᠠᠮᠤ ᠪᠤᠳᠠᠭ᠎ᠠ ᠬᠤᠷᠢᠶᠠᠬᠤ ᠮᠦᠩᠬᠦ ᠲᠠᠢ᠂ ᠠᠮᠤ ᠪᠤᠳᠠᠭ᠎ᠠ | ᠲᠡᠭᠡᠭᠡᠪᠦᠷᠢᠯᠡᠬᠦ ᠮᠠᠰᠢᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠱᠠᠲᠤᠴᠢ ᠴᠢᠨᠠᠷᠲᠠᠢ ︽ᠠᠮᠤ ᠪᠤᠳᠠᠭ᠎ᠠ | ᠬᠤᠳᠠᠯᠳᠤᠬᠤ ᠳᠤ ᠬᠦᠴᠢᠷᠳᠡᠬᠦ︾ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠵᠢᠷᠭᠤᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠢ ᠬᠢᠨᠠᠯᠲᠠ ᠲᠠᠯᠪᠢᠵᠤ ᠪᠠᠶᠢᠴᠠᠭᠠᠬᠤ᠂ ᠨᠡᠶᠢᠳᠡ 5 | ᠵᠦᠢᠯ ᠪᠠᠶᠢᠵᠤ᠂ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ | ᠶᠣᠰᠣᠭᠠᠷ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ | ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠶᠢ ᠲᠣᠳᠣᠷᠬᠠᠶᠢᠯᠠᠪᠠ᠃ ᠳᠣᠯᠣᠳᠤᠭᠠᠷ ᠪᠦᠯᠦᠭ ᠨᠢ | ᠳᠠᠭᠠᠯᠳᠤᠭᠤᠯᠤᠭᠰᠠᠨ ᠳᠦᠷᠢᠮ᠂ ᠨᠡᠶᠢᠲᠡ 3 ᠵᠦᠢᠯ ᠪᠠᠶᠢᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠨᠥᠬᠦᠪᠦᠷᠢᠯᠡᠨ ᠳᠤᠷᠠᠳᠪᠠ᠃ | ᠳᠥᠷᠪᠡ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠬᠡᠵᠢᠶ᠎ᠠ ᠳᠠᠩᠰᠠᠯᠠᠭᠤᠯᠬᠤ ᠪᠤᠢ︖ | ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠠᠴᠠ | ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ ᠳᠠᠩᠰᠠᠯᠠᠭᠤᠯᠤᠯᠲᠠ ᠬᠢᠬᠦ ᠬᠡᠷᠡᠭᠲᠡᠢ᠃ ᠠᠮᠤ ᠪᠤᠳᠠᠭ᠎ᠠ ᠬᠤᠳᠠᠯᠳᠤᠨ | ᠠᠪᠬᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠠᠯᠢ ᠨᠢᠭᠡ ᠵᠦᠢᠯ ᠳᠤ ᠬᠤᠪᠢᠷᠠᠯᠲᠠ | ᠭᠠᠷᠪᠠᠯ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠠᠴᠠ ᠡᠮᠦᠨ᠎ᠡ ᠬᠤᠪᠢᠷᠠᠯᠲᠠ ᠪᠠᠨ | ᠳᠠᠩᠰᠠᠯᠠᠭᠤᠯᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | ᠲᠠᠪᠤ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠶᠠᠮᠠᠷ ᠠᠷᠭ᠎ᠠ ᠮᠠᠶ᠋ᠢᠭ ᠢᠶᠠᠷ | ᠳᠠᠩᠰᠠᠯᠠᠭᠤᠯᠬᠤ ᠪᠤᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠮᠤ | ᠪᠤᠳᠠᠭ᠎ᠠ ᠬᠤᠳᠠᠯᠳᠤᠨ ᠠᠪᠬᠤ ᠶᠢ ᠡᠷᠭᠢᠯᠡᠵᠦ ᠪᠠᠶᠢᠭ᠎ᠠ ᠠᠵᠤ ᠠᠬᠤᠶᠢᠯᠠᠯ ᠨᠢ ᠲᠤᠬᠠᠢ ᠶᠢᠨ ᠲᠠᠯᠠᠪᠤᠷ ᠪᠠ ᠰᠦᠯᠵᠢᠶᠡᠨ | ᠳᠡᠭᠡᠷ᠎ᠡ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠳᠠᠩᠰᠠᠯᠠᠭᠤᠯᠵᠤ ᠪᠣᠯᠣᠨ᠎ᠠ᠃ ᠪᠠᠰᠠ ᠵᠠᠬᠢᠳᠠᠯ᠂ ᠹᠠᠺᠰ᠂ | ᠢᠮᠧᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠮᠤ ᠪᠤᠳᠠᠭ᠎ᠠ ᠬᠤᠳᠠᠯᠳᠤᠨ ᠠᠪᠬᠤ ᠪᠠᠷ ᠳᠠᠩᠰᠠᠯᠠᠭᠤᠯᠬᠤ ᠪᠠ | ᠬᠤᠪᠢᠷᠠᠭᠤᠯᠬᠤ ᠠᠵᠢᠯ ᠢ ᠥᠷᠨᠢᠭᠦᠯᠵᠦ ᠪᠣᠯᠣᠨ᠎ᠠ᠃ | |