2023 ᠣᠨ ᠤ ᠥᠪᠥᠷ ᠮᠣᠩᠭᠤᠯ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠶᠢ ᠰᠢᠯᠭᠠᠨ ᠨᠤᠲᠠᠯᠠᠵᠤ ᠦᠨᠡᠯᠡᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/17
      ︽ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠲᠢᠩᠬᠢᠮ  ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠲᠠᠷᠢᠶᠠᠯᠠᠩ ᠠᠯᠪᠠᠨ ᠲᠢᠩᠬᠢᠮ ﹇2022﹈ 3 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠪᠥᠬᠦ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠥᠦ ᠪᠦᠷᠬᠦᠪᠴᠢ ᠶᠢ ᠰᠢᠯᠭᠠᠨ ᠨᠤᠲᠠᠯᠠᠵᠤ ᠦᠨᠡᠯᠡᠬᠦ ᠠᠵᠢᠯ ᠢ ᠥᠷᠨᠢᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠣᠷᠣᠨ ᠪᠦᠰᠡ ᠶᠢᠨ ᠴᠢᠨᠠᠷᠲᠠᠢ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠶᠢ ᠲᠠᠨᠢᠯᠴᠠᠭᠤᠯᠬᠤ ᠦᠢᠯᠡᠳᠬᠦᠨ ᠤ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠰᠤᠳᠤᠯᠤᠨ ᠲᠣᠭᠲᠠᠭᠠᠬᠤ ᠪᠠᠷ ᠪᠣᠢ ᠃      ᠲᠣᠰ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠠᠴᠠ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠭᠦᠸᠧ ᠳ᠋ᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠢᠶᠠᠷ ᠲᠦᠷᠦᠭᠦᠯᠡᠭᠦᠯᠦᠨ᠂ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠦᠢᠯᠡᠳᠪᠦᠷᠢᠯᠡᠬᠦ ᠦᠢᠯᠡᠳᠪᠦᠷᠢ ᠶᠢᠨ ᠬᠢᠨ ᠰᠠᠶᠢᠨ ᠳᠤᠷ᠎ᠠ ᠠᠴᠠ ᠪᠠᠨ ᠣᠷᠣᠯᠴᠠᠵᠤ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠤᠨ ᠬᠢᠨ ᠣᠷᠤᠯᠴᠠᠬᠤ ᠠᠷᠭ᠎ᠠ ᠮᠠᠶ᠋ᠢᠭ ᠢᠶᠠᠷ ᠥᠷᠨᠢᠭᠦᠯᠦᠨ᠎ᠡ᠃ ᠦᠨᠡᠯᠡᠯᠲᠡ ᠳᠤ ᠣᠷᠤᠯᠴᠠᠬᠤ ᠰᠠᠨᠠᠭ᠎ᠠ ᠲᠠᠢ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠦᠢᠯᠡᠳᠪᠦᠷᠢᠯᠡᠬᠦ ᠦᠢᠯᠡᠳᠪᠦᠷᠢ ᠶᠢᠨ ᠬᠢᠨ ᠲᠤᠷᠰᠢᠯᠲᠠ ᠶᠢᠨ ᠦᠢᠯᠡᠳᠬᠦᠨ ᠬᠠᠩᠭᠠᠬᠤ ᠶᠢᠨ ᠬᠠᠮᠲᠤ ᠬᠠᠮᠢᠶ᠎ᠠ ᠪᠦᠬᠦᠢ ᠲᠤᠷᠰᠢᠯᠲᠠ ᠶᠢᠨ ᠵᠠᠷᠤᠳᠠᠯ ᠢ ᠡᠭᠦᠷᠭᠡᠯᠡᠨ᠎ᠡ︔ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ ᠰᠠᠯᠠᠭ᠎ᠠ ᠮᠥᠴᠢᠷ ᠮᠡᠷᠭᠡᠵᠢᠯ ᠤᠨ ᠲᠥᠰᠥᠯ ᠢ ᠴᠢᠩᠭ᠎ᠠ ᠵᠢᠷᠤᠮᠯᠠᠨ ᠲᠠᠷᠢᠶᠠᠨ ᠭᠠᠵᠠᠷ ᠤᠨ ᠲᠤᠷᠰᠢᠯᠲᠠ ᠶᠢ ᠥᠷᠨᠢᠭᠦᠯᠦᠨ᠎ᠡ︔ ᠥᠪᠥᠷ ᠮᠣᠩᠭᠤᠯ ᠤᠨ ᠭᠦᠸᠧ ᠳ᠋ᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠠᠴᠠ ᠲᠠᠷᠢᠶᠠᠨ ᠭᠠᠵᠠᠷ ᠤᠨ ᠲᠤᠷᠰᠢᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠳᠬᠡᠵᠦ᠂ ᠬᠤᠷᠢᠶᠠᠩᠭᠤᠶᠢᠯᠠᠨ ᠵᠠᠳᠠᠯᠬᠤ ᠶᠢᠨ ᠬᠠᠮᠲᠤ ᠣᠨ ᠤ ᠰᠢᠯᠭᠠᠨ ᠪᠠᠲᠤᠯᠠᠬᠤ ᠦᠨᠡᠯᠡᠯᠲᠡ ᠶᠢᠨ ᠮᠡᠷᠭᠡᠵᠢᠯ ᠤᠨ ᠮᠡᠳᠡᠭᠦᠯᠦᠯᠲᠡ ᠪᠢᠴᠢᠨ᠎ᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ ᠠᠴᠠ ᠣᠨ ᠤ ᠠᠵᠢᠯ ᠤᠨ ᠮᠡᠷᠭᠡᠵᠢᠯ ᠤᠨ ᠲᠥᠰᠥᠯ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ᠂ ᠲᠤᠷᠰᠢᠯᠲᠠ ᠵᠢᠴᠢ ᠦᠨᠡᠯᠡᠯᠲᠡ ᠶᠢᠨ ᠠᠵᠢᠯ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠬᠢᠵᠦ᠂ ᠰᠢᠯᠭᠠᠨ ᠨᠤᠲᠠᠯᠠᠵᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠮᠠᠨ ᠤ ᠣᠷᠣᠨ ᠤ ᠠᠳᠠᠯᠢ ᠪᠤᠰᠤ ᠣᠷᠣᠨ ᠪᠦᠰᠡ ᠵᠢᠴᠢ ᠲᠠᠷᠢᠮᠠᠯ ᠤᠨ ᠵᠦᠢᠯ ᠳᠤ ᠲᠣᠬᠢᠷᠠᠬᠤ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠪᠦᠷᠬᠦᠪᠴᠢ ᠶᠢᠨ ᠦᠢᠯᠡᠳᠬᠦᠨ ᠢ ᠰᠣᠩᠭᠤᠨ ᠭᠠᠷᠭᠠᠵᠤ᠂ ᠪᠠᠲᠤᠯᠠᠨ ᠲᠠᠨᠢᠯᠴᠠᠭᠤᠯᠤᠭᠰᠠᠨ ᠦᠢᠯᠡᠳᠬᠦᠨ ᠤ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠴᠠᠭ ᠲᠤ  ᠨᠢ ᠲᠣᠬᠢᠷᠠᠭᠤᠯᠤᠨ ᠨᠡᠶᠢᠲᠡᠯᠡᠨ᠎ᠡ᠃      ᠦᠨᠡᠯᠡᠯᠲᠡ ᠳᠤ ᠣᠷᠤᠯᠴᠠᠬᠤ ᠰᠠᠨᠠᠭ᠎ᠠ ᠲᠠᠢ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠦᠢᠯᠡᠳᠪᠦᠷᠢᠯᠡᠬᠦ ᠦᠢᠯᠡᠳᠪᠦᠷᠢ ᠶᠢᠨ ᠬᠢᠨ 2023 ᠣᠨ ᠤ 3 ᠰᠠᠷ᠎ᠠ ᠶᠢᠨ 1 ᠤ ᠡᠳᠦᠷ ᠠᠴᠠ ᠡᠮᠦᠨ᠎ᠡ ᠨᠡᠷ᠎ᠡ ᠮᠡᠳᠡᠭᠦᠯᠬᠦ ᠬᠦᠰᠦᠨᠦᠭᠲᠦ ᠶᠢᠨ ᠳᠤᠬᠠᠢ ᠬᠠᠷᠢᠭᠤ ᠳᠤᠰᠬᠠᠭᠠᠷᠠᠢ ︵ᠳᠠᠭᠠᠯᠳᠤᠭᠤᠯᠤᠯ ᠳᠤ ᠦᠵᠡᠭᠡᠷᠡᠢ ︶᠃      ᠬᠠᠷᠢᠯᠴᠠᠬᠤ ᠠᠷᠭ᠎ᠠ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠪ      ᠬᠠᠷᠢᠯᠴᠠᠬᠤ ᠬᠥᠮᠥᠨ᠄ ᠶᠠᠩ ᠹᠠᠨ      ᠬᠠᠷᠢᠯᠴᠠᠬᠤ ᠤᠲᠠᠰᠤ᠄ 15248126536      ᠢᠮᠧᠯ᠄ nmnyhb@163.com      ᠥᠪᠥᠷ ᠮᠣᠩᠭᠤᠯ ᠤᠨ ᠭᠦᠸᠧ ᠳ᠋ᠦᠩ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ      ᠬᠠᠷᠢᠯᠴᠠᠬᠤ ᠬᠥᠮᠥᠨ᠄ ᠸᠠᠩ ᠹᠧᠩ ᠶᠢᠩ      ᠬᠠᠷᠢᠯᠴᠠᠬᠤ ᠤᠲᠠᠰᠤ᠄ 15771350912      ᠢᠮᠧᠯ᠄ wangfengyingxh@163.com       ᠳᠠᠭᠠᠯᠳᠤᠭᠤᠯᠤᠯ᠄ 2023 ᠣᠨ ᠤ ᠥᠪᠥᠷ ᠮᠣᠩᠭᠤᠯ ᠤᠨ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠥᠦ ᠪᠦᠷᠬᠦᠪᠴᠢ ᠶᠢ ᠰᠢᠯᠭᠠᠨ ᠨᠤᠲᠠᠯᠠᠵᠤ ᠦᠨᠡᠯᠡᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ ︵ᠥᠪᠥᠷ ᠲᠠᠷᠢᠶᠠᠯᠠᠩ ᠮᠠᠯ ᠰᠢᠨᠵᠢᠯᠡᠬᠦ ᠲᠠᠷᠬᠠᠭᠠᠭᠰᠠᠨ ﹇2023﹈ 50 ᠳ᠋ᠤᠭᠠᠷ ᠲᠣᠭᠠᠲᠤ︶                                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                                ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                                        2023 ᠣᠨ ᠤ 2 ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号