2023 ᠣᠨ ᠤ 2 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠭᠡᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ | ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ ᠲᠣᠭᠲᠠᠭᠤᠨ ᠤ ᠳᠤᠮᠳᠠ ᠰᠢᠯᠢᠳᠡᠭ ᠢ ᠠᠬᠢᠭᠤᠯᠬᠤ ᠶᠢ | ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ | ᠲᠠᠩᠰᠠ︾ ᠭᠡᠬᠦ ᠰᠢᠷᠢᠰ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠬᠤᠶᠠᠳᠤᠭᠠᠷ ᠲᠠᠯᠠᠪᠤᠷ ︱ ︽ᠲᠠᠷᠢᠶᠠᠯᠠᠩ ᠮᠠᠯ | ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ︾ | ᠲᠤᠰᠬᠠᠢ ᠲᠠᠯᠠᠪᠤᠷ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠳᠦ᠋ᠪᠰᠢᠨ ᠲᠠᠷᠢᠶᠠᠯᠠᠩ ᠮᠠᠯ ᠠᠵᠤ ᠠᠬᠤᠢ ᠶᠢᠨ | ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠶᠢᠨ | ᠴᠢᠬᠤᠯᠠ ᠶᠡᠭᠡ ᠠᠴᠢ ᠬᠤᠯᠪᠣᠭᠳᠠᠯ᠂ ᠬᠡᠯᠪᠡᠷᠢ ᠪᠠᠨ ᠬᠤᠪᠢᠷᠠᠭᠤᠯᠬᠤ ᠭᠤᠣᠯᠳᠠᠯᠭ᠎ᠠ᠂ ᠪᠣᠳᠠᠲᠠᠢ ᠬᠠᠷᠠᠯᠲᠠ᠂ | ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢᠨ ᠬᠤᠪᠢᠷᠠᠯᠲᠠ ᠬᠢᠭᠡᠳ ᠣᠨᠴᠠᠯᠢᠭ ᠤᠨ ᠲᠣᠭᠤᠷᠢᠨ ᠳᠤ ᠭᠦᠨᠵᠡᠭᠡᠢ | ᠲᠠᠶᠢᠯᠤᠮᠵᠢ ᠬᠢᠪᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ | ᠳᠡᠳ᠋ ᠳᠠᠷᠤᠭ᠎ᠠ ᠢᠦᠢ ᠸᠧᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ | ᠵᠠᠩ ᠬᠠᠢ ᠹᠧᠩ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠳᠡᠳ᠋ ᠳᠠᠷᠤᠭ᠎ᠠ ᠨᠢᠩ ᠶᠦᠨ ᠹᠧᠢ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠭᠠᠵᠠᠷ ᠤᠨ ᠳᠠᠷᠤᠭ᠎ᠠ | ᠶᠠᠩ ᠰᠢᠶᠣᠣ ᠲᠢᠶᠠᠨ ᠲᠣᠰ ᠲᠣᠰ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠡᠳ᠋ ᠤᠨ ᠵᠠᠰᠠᠭ ᠠᠴᠠ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ︽ ᠦᠪᠦᠷ ᠮᠣᠩᠭᠤᠯ︾ ᠥᠰᠥᠭ ᠤᠨ | ᠨᠡᠷᠡᠲᠦ ᠲᠦᠷᠦᠯ ᠲᠡᠮᠳᠡᠭᠲᠦ ᠶᠢ ᠪᠣᠶ ᠪᠣᠯᠭᠠᠬᠤ᠂ ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡ | ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠬᠤ ᠵᠡᠷᠭᠡ ᠲᠠᠯ᠎ᠠ ᠪᠠᠷ | ᠰᠤᠷᠪᠤᠯᠵᠢᠯᠠᠭᠴᠢᠳ ᠤᠨ ᠠᠰᠠᠭᠤᠯᠲᠠ ᠶᠢ ᠬᠠᠷᠢᠭᠤᠯᠵᠠᠢ᠃ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠦᠭᠡ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠡᠩᠬᠡᠳᠦ᠋ᠪᠰᠢᠨ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠠᠵᠤ ᠠᠬᠤᠢ ᠶᠢᠨ ᠠᠵᠢᠯᠯᠠᠭ᠎ᠠ ᠶᠢᠨ ᠶᠡᠷᠦᠩᠬᠡᠢ ᠲᠡᠭᠡᠭᠰᠢᠯᠡᠯᠳᠡ ᠶᠢ | ᠠᠬᠢᠭᠤᠯᠬᠤ ᠵᠠᠩᠭᠢᠯᠠᠭ᠎ᠠ ᠶᠢᠨ ᠵᠢᠯ ᠮᠥᠨ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ ᠤ ᠠᠵᠢᠯ ᠢ ᠰᠠᠶᠢᠲᠤᠷ ᠬᠢᠬᠦ᠂ ᠪᠥᠬᠦ ᠲᠠᠯ᠎ᠠ ᠶᠢᠨ ᠶᠡᠭᠡ ᠲᠠᠯ᠎ᠠ ᠶᠢ ᠲᠤᠯᠭᠠᠭᠤᠷᠢᠯᠠᠨ ᠪᠠᠲᠤᠯᠠᠬᠤ | ᠱᠠᠭᠠᠷᠳᠠᠯᠭ᠎ᠠ ᠨᠠᠩ ᠥᠨᠳᠥᠷ᠂ ᠡᠭᠦᠷᠭᠡ ᠨᠠᠩ ᠬᠦᠨᠳᠦ ᠪᠠᠶᠢᠨ᠎ᠠ᠃ ᠣᠶᠢᠷ᠎ᠠ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠡᠷᠲᠡᠭᠡᠨ ᠵᠠᠰᠠᠬᠤ ᠣᠷᠣᠨ ᠤ 2023 | ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠲᠣᠭᠲᠠᠭᠤᠨ ᠤ ᠳᠤᠮᠳᠠ ᠰᠢᠯᠢᠳᠡᠭ ᠢ ᠠᠬᠢᠭᠤᠯᠬᠤ ᠶᠢ | ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ | ᠲᠠᠩᠰᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠢ ᠨᠡᠶᠢᠲᠡᠯᠡᠪᠡ᠂ ᠡᠭᠦᠨ ᠳᠤ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠴᠢᠬᠤᠯᠠ ᠬᠡᠰᠡᠭ | ᠪᠣᠯᠭᠠᠨ 16 ᠵᠤᠷᠪᠤᠰ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠵᠢᠭᠰᠠᠭᠠᠵᠤ᠂ ᠮᠠᠨ ᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠦᠳᠡᠯᠭᠡᠬᠦ ᠬᠦᠴᠦᠨ ᠪᠠ ᠠᠮᠢᠵᠢᠷᠠᠯ ᠤᠨ | ᠬᠦᠴᠦᠨ ᠨᠡᠮᠡᠷᠢᠯᠡᠬᠦ ᠪᠣᠯᠣᠨ᠎ᠠ᠃ | ᠨᠢᠭᠡᠳᠦᠭᠡᠷ ᠲᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠤᠭᠳᠠᠯ | ᠮᠠᠨ ᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠪᠠᠶᠢᠪᠠᠰᠤ | ᠵᠣᠬᠢᠬᠤ ᠠᠭᠤᠯᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠳᠤ ᠶᠡᠭᠡ ᠬᠦᠰᠡᠯ ᠡᠷᠡᠮᠡᠯᠵᠡᠯ ᠲᠠᠯᠪᠢᠵᠤ᠂ 2019 ᠣᠨ ᠳᠤ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠠᠭᠠᠨ᠂ ︽ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ︾᠂ ᠮᠠᠨ ᠤ ᠬᠠᠷᠠᠯᠲᠠ ᠪᠣᠯ ᠳᠠᠷᠤᠢ ᠥᠪᠥᠷ | ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠶᠡᠭᠡ ᠣᠷᠣᠨ ᠢ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠬᠤᠪᠢᠷᠠᠭᠤᠯᠬᠤ ᠶᠢ ᠲᠦᠯᠬᠢᠨ | ᠠᠬᠢᠭᠤᠯᠬᠤ ᠶᠠᠪᠤᠳᠠᠯ ᠪᠣᠯᠣᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ | ᠳᠣᠲᠣᠭᠠᠳᠤ ᠱᠠᠭᠠᠷᠳᠠᠯᠭ᠎ᠠ ᠮᠥᠨ ᠭᠡᠵᠦ ᠴᠢᠬᠤᠯᠠᠴᠢᠯᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ | ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ | ᠰᠢᠢᠳᠪᠦᠷᠢᠲᠦ ᠪᠣᠳᠣᠯᠭ᠎ᠠ ᠶᠢ ᠲᠣᠭᠲᠠᠭᠠᠭᠰᠠᠨ ᠨᠢ ᠤᠯᠤᠰ ᠣᠷᠣᠨ ᠤ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ ᠤ ᠴᠢᠬᠤᠯᠠ ᠦᠢᠯᠡᠳᠦᠯ ᠢ ᠭᠦᠢᠴᠡᠳ | ᠬᠠᠷᠠᠭᠤᠯᠵᠠᠢ ᠃ ᠥᠪᠥᠷ ᠮᠣᠩᠭᠤᠯ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠪᠣᠯᠤᠭᠰᠠᠨ ᠤ ᠬᠤᠪᠢ ᠳᠤ ᠂ ᠠᠮᠢ ᠠᠬᠤᠢ ᠶᠢ ᠲᠡᠷᠢᠭᠦᠨ ᠳᠤ ᠲᠠᠯᠪᠢᠬᠤ ᠂ ᠪᠣᠬᠢᠷᠲᠤᠯ | ᠦᠭᠡᠢ ᠬᠥᠭᠵᠢᠭᠦᠯᠬᠦ ᠪᠣᠯ ᠮᠠᠨ ᠤ ᠵᠠᠶᠢᠯᠠᠰᠢ ᠦᠭᠡᠢ ᠰᠣᠩᠭᠤᠯᠲᠠ ᠪᠣᠯᠣᠨ᠎ᠠ ᠂ ᠠᠮᠢ ᠠᠬᠤᠢ ᠶᠢᠨ ᠲᠠᠷᠢᠶᠠᠯᠠᠩ ᠮᠠᠯ | ᠠᠵᠤ ᠠᠬᠤᠢ ᠶᠢ ᠬᠥᠭᠵᠢᠭᠦᠯᠬᠦ ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠨᠢ ᠲᠠᠷᠢᠶᠠᠯᠠᠩ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠶᠢᠨ ᠵᠠᠶᠢᠯᠠᠰᠢ ᠦᠭᠡᠢ ᠶᠠᠪᠤᠬᠤ ᠵᠠᠮ ᠪᠣᠯᠵᠠᠢ ᠃ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠯᠲᠡ ᠶᠢᠨ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠮᠠᠨ ᠤ ᠣᠷᠣᠨ ᠪᠣᠯ ᠲᠠᠷᠢᠶᠠᠯᠠᠩ ᠮᠠᠯ ᠠᠵᠤ | ᠠᠬᠤᠢ ᠶᠢᠨ ᠲᠣᠮᠣ ᠣᠷᠣᠨ ᠮᠥᠨ᠂ ᠭᠡᠪᠡᠴᠦ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠪᠢᠰᠢ᠃ | ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠳᠤ ᠡᠷᠬᠡᠪᠰᠢ ᠲᠠᠷᠢᠶᠠᠯᠠᠩ ᠮᠠᠯ ᠠᠵᠤ | ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ | ᠪᠣᠯᠭᠠᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠠᠵᠤ ᠠᠬᠤᠢ ᠶᠢᠨ | ᠪᠦᠲᠦᠴᠡ ᠶᠢ ᠰᠢᠯᠢᠳᠡᠭᠵᠢᠭᠦᠯᠦᠨ᠂ ᠨᠡᠮᠡᠭᠳᠡᠯ ᠤᠨ ᠬᠦᠳᠡᠯᠭᠡᠬᠦ ᠬᠦᠴᠦᠨ ᠢ ᠬᠤᠪᠢᠷᠠᠭᠤᠯᠵᠤ᠂ ᠳᠡᠭᠡᠳᠦ | ᠬᠤᠷᠳᠤᠴᠠ ᠪᠠᠷ ᠨᠡᠮᠡᠭᠳᠡᠭᠦᠯᠬᠦ ᠠᠴᠠ ᠴᠢᠨᠠᠷ ᠰᠠᠶᠢᠲᠠᠢ ᠬᠥᠭᠵᠢᠯᠲᠡ ᠲᠡᠶᠢᠰᠢ ᠤᠷᠤᠭᠰᠢᠯᠠᠵᠤ᠂ ᠶᠠᠰᠤ ᠴᠢᠨᠠᠷ ᠢᠶᠠᠷ | ᠲᠠᠷᠢᠶᠠᠯᠠᠩ ᠮᠠᠯ ᠠᠵᠤ ᠠᠬᠤᠢ ᠶᠢ ᠬᠥᠭᠵᠢᠭᠦᠯᠬᠦ᠂ ᠪᠣᠬᠢᠷᠲᠤᠯ ᠦᠭᠡᠢ ᠪᠠᠷ ᠲᠠᠷᠢᠶᠠᠯᠠᠩ ᠮᠠᠯ ᠠᠵᠤ ᠠᠬᠤᠢ ᠶᠢ | ᠬᠥᠭᠵᠢᠭᠦᠯᠬᠦ᠂ ᠨᠠᠷᠠᠲᠤ ᠲᠦᠷᠦᠯ ᠲᠡᠮᠳᠡᠭᠲᠦ ᠪᠠᠷ ᠲᠠᠷᠢᠶᠠᠯᠠᠩ ᠮᠠᠯ ᠠᠵᠤ ᠠᠬᠤᠢ ᠶᠢ ᠬᠦᠴᠦᠷᠬᠡᠭᠵᠢᠭᠦᠯᠬᠦ ᠵᠠᠮ ᠢᠶᠠᠷ | ᠵᠠᠮᠨᠠᠨ᠎ᠠ ᠃ | ᠬᠤᠶᠠᠳᠤᠭᠠᠷ ᠲᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠭᠤᠣᠯᠳᠠᠯᠭ᠎ᠠ | ᠡᠨᠡ ᠵᠢᠯ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ | ᠬᠤᠪᠢᠷᠠᠭᠤᠯᠬᠤ ᠶᠢ ᠲᠦᠯᠬᠢᠨ ᠠᠬᠢᠭᠤᠯᠬᠤ ᠶᠢᠨ ᠭᠤᠣᠯᠳᠠᠯᠭ᠎ᠠ ᠪᠣᠯ ︽ᠨᠢᠭᠡ ᠬᠦᠴᠦᠨ ᠨᠢᠭᠡ ᠬᠡᠯᠬᠢᠶ᠎ᠡ ᠬᠤᠶᠠᠷ | ᠠᠵᠢᠯᠯᠠᠭ᠎ᠠ︾ ᠶᠢ ᠰᠠᠶᠢᠲᠤᠷ ᠠᠳᠬᠤᠬᠤ ᠶᠠᠪᠤᠳᠠᠯ ᠪᠣᠯᠣᠨ᠎ᠠ᠃ ︽ ᠨᠢᠭᠡ ᠬᠦᠴᠦᠨ ︾ ᠭᠡᠳᠡᠭ ᠨᠢ ᠳᠠᠷᠤᠢ ᠠᠮᠤ | ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠨᠡᠮᠡᠭᠳᠡᠭᠦᠯᠬᠦ ᠶᠢ ᠬᠡᠯᠡᠵᠦ ᠪᠠᠶᠢᠨ᠎ᠠ ᠃ ᠠᠮᠤ | ᠪᠤᠳᠠᠭᠠᠨ ᠤ ᠠᠮᠤᠷ ᠲᠦᠪᠰᠢᠨ ᠢ ᠰᠠᠶᠢᠲᠤᠷ ᠪᠠᠲᠤᠯᠠᠬᠤ ᠪᠣᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠠᠰᠠᠭᠤᠳᠠᠯ ᠮᠥᠨ ᠂ ᠪᠢᠳᠡ ︽ᠭᠠᠵᠠᠷ ᠰᠢᠷᠣᠢ ᠪᠠᠷ ᠠᠮᠤ ᠪᠤᠳᠠᠭ᠎ᠠ ᠶᠢ ᠪᠠᠲᠤᠯᠠᠬᠤ᠂ ᠤᠷ᠎ᠠ ᠮᠡᠷᠭᠡᠵᠢᠯ ᠢᠶᠠᠷ ᠠᠮᠤ | ᠪᠤᠳᠠᠭᠠᠨ ᠤ ᠤᠨᠠᠯᠲᠠ ᠶᠢ ᠳᠡᠭᠡᠭᠰᠢᠯᠡᠬᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠲᠤᠭ᠎ᠠ | ᠬᠡᠮᠵᠢᠶ᠎ᠡ ᠶᠢ ᠥᠷᠭᠡᠳᠬᠡᠬᠦ ᠂ ᠶᠠᠰᠤ ᠴᠢᠨᠠᠷ ᠢ ᠳᠡᠭᠡᠭᠰᠢᠯᠡᠭᠦᠯᠬᠦ ᠂ ᠤᠨᠠᠯᠲᠠ ᠶᠢ ᠨᠡᠮᠡᠭᠳᠡᠭᠦᠯᠬᠦ ᠲᠠᠯ᠎ᠠ ᠪᠠᠷ ᠬᠦᠴᠦᠯᠡᠵᠦ ᠂ | ᠡᠨᠡ ᠵᠢᠯ 110 ᠳ᠋ᠦᠩᠰᠢᠭᠤᠷ ᠲᠥᠭᠦᠷᠢᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠥᠭᠵᠢᠯᠲᠡ ᠵᠡᠷᠭᠡ ᠪᠡᠯᠡ | ᠮᠥᠩᠭᠦ ᠶᠢ ᠲᠣᠬᠢᠷᠠᠭᠤᠯᠵᠤ ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠮᠤ ᠤ ᠤᠨᠠᠯᠲᠠ ᠶᠢ ᠨᠡᠮᠡᠭᠳᠡᠭᠦᠯᠬᠦ ᠵᠢᠱᠢᠶ᠎ᠡ | ᠦᠵᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠂ ᠠᠮᠤ ᠪᠤᠳᠠᠭ᠎ᠠ ᠲᠠᠷᠢᠬᠤ ᠲᠠᠯᠠᠪᠠᠢ ᠪᠠ ᠤᠨᠠᠯᠲᠠ ᠶᠢ | ᠲᠣᠭᠲᠠᠪᠤᠷᠢᠵᠢᠭᠤᠯᠤᠨ᠎ᠠ ᠃ ᠡᠭᠦᠨ ᠤ ᠬᠠᠮᠲᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ 1920 ᠲᠦᠮᠡᠨ ᠮᠦ ᠬᠠᠷ᠎ᠠ ᠬᠦᠷᠦᠰᠦ ᠰᠢᠷᠣᠢ ᠶᠢᠨ ᠬᠠᠮᠠᠭᠠᠯᠠᠯᠲᠠ ᠶᠢᠨ ᠴᠢᠨᠠᠷᠲᠠᠢ | ᠲᠠᠷᠢᠶᠠᠯᠠᠭ᠎ᠠ ᠶᠢ ᠬᠡᠷᠡᠭᠵᠢᠭᠦᠯᠬᠦ ᠶᠢ ᠳᠡᠮᠵᠢᠨ᠎ᠡ ᠃ ᠳᠠᠬᠢᠪᠠᠯ ᠭᠠᠷᠤᠯᠲᠠ ᠪᠠᠨ ᠨᠡᠮᠡᠭᠳᠡᠭᠦᠯᠬᠦ ᠳᠠᠯᠳᠠ ᠬᠦᠴᠦᠨ ᠢ ᠭᠦᠨ | ᠠᠭᠤᠳᠠᠯᠵᠤ ᠂ ᠨᠥᠬᠦᠴᠡᠯ ᠳᠤ ᠨᠡᠶᠢᠴᠡᠬᠦ ᠬᠤᠵᠢᠷᠯᠢᠭ ᠭᠠᠵᠠᠷ ᠵᠡᠷᠭᠡ ᠪᠡᠯᠡᠳᠬᠡᠯ ᠭᠠᠵᠠᠷ ᠰᠢᠷᠣᠢ ᠶᠢᠨ ᠡᠬᠢ ᠪᠠᠶᠠᠯᠢᠭ ᠢ | ᠵᠣᠬᠢᠰᠲᠠᠢ ᠪᠠᠷ ᠡᠮᠬᠢ ᠵᠢᠷᠤᠮ ᠲᠠᠢ ᠪᠠᠷ ᠨᠡᠭᠡᠭᠡᠨ ᠠᠰᠢᠭᠯᠠᠵᠤ ᠶᠡᠷᠦᠩᠬᠡᠶᠢᠯᠡᠨ ᠠᠰᠢᠭᠯᠠᠬᠤ ᠶᠢ ᠳᠡᠮᠵᠢᠨ᠎ᠡ ᠃ ︽ᠨᠢᠭᠡ | ᠬᠡᠯᠬᠢᠶ᠎ᠡ︾ ᠭᠡᠳᠡᠭ ᠨᠢ ᠳᠠᠷᠤᠢ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠲᠤᠰᠬᠠᠶᠢᠵᠢᠭᠰᠠᠨ᠂ ᠬᠡᠪᠴᠢᠶᠡᠵᠢᠭᠰᠡᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠰᠦᠷᠦᠭᠵᠢᠯ ᠢ ᠨᠠᠩ ᠣᠯᠠᠨ ᠪᠣᠶ ᠪᠣᠯᠭᠠᠬᠤ ᠪᠣᠯ | ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠠᠯᠪᠢᠭᠰᠠᠨ ᠱᠠᠭᠠᠷᠳᠠᠯᠭ᠎ᠠ ᠪᠠ | ᠬᠦᠰᠡᠯ ᠡᠷᠡᠮᠡᠯᠵᠡᠯ ᠮᠥᠨ᠃ ᠡᠨᠡ ᠵᠢᠯ ᠪᠢᠳᠡ 40 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ | ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠪᠥᠭᠡᠮᠨᠡᠷᠡᠯ ᠤᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠠᠯᠠᠰᠢᠨ ᠦᠬᠡᠷ ᠂ ᠠᠯᠠᠰᠢᠨ ᠬᠤᠨᠢ ᠂ | ᠠᠮᠢᠳᠤ ᠭᠠᠭ᠋ᠠᠢ ᠶᠢ ᠶᠡᠭᠡ ᠰᠢᠶᠠᠨ ᠠᠴᠠ ᠰᠢᠯᠵᠢᠭᠦᠯᠦᠨ ᠭᠠᠷᠭᠠᠬᠤ ᠶᠢ ᠱᠠᠩᠨᠠᠬᠤ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ ᠂ ᠲᠤᠬᠠᠢ ᠶᠢᠨ ᠭᠠᠵᠠᠷ ᠲᠤᠨᠢ ᠲᠣᠮᠣ ᠬᠡᠯᠪᠡᠷᠢ ᠶᠢᠨ ᠨᠢᠲᠤᠯᠬᠤ ᠲᠦᠷᠦᠯ ᠵᠦᠢᠯ ᠢ ᠰᠢᠨ᠎ᠡ ᠪᠠᠷ | ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠵᠤ ᠂ ᠮᠠᠯ ᠵᠢᠭᠦᠷᠲᠡᠨ ᠤ ᠪᠦᠲᠦᠭᠡᠭᠳᠡᠬᠦᠨ ᠢ ᠨᠠᠷᠢᠯᠢᠭ | ᠰᠠᠯᠭᠠᠬᠤ ᠂ ᠬᠦᠢᠲᠡᠨ ᠢᠶᠠᠷ ᠬᠡᠯᠬᠢᠶᠡᠵᠢᠭᠦᠯᠦᠨ ᠪᠣᠯᠪᠠᠰᠤᠷᠠᠭᠤᠯᠬᠤ ᠵᠢᠴᠢ ᠲᠣᠬᠢᠷᠠᠭᠤᠯᠤᠨ ᠬᠦᠷᠭᠡᠬᠦ ᠰᠢᠰᠲ᠋ᠧᠮ ᠢ ᠢᠵᠢ | ᠪᠦᠷᠢᠳᠦᠭᠦᠯᠦᠨ ᠪᠠᠶᠢᠭᠤᠯᠤᠨ᠎ᠠ ᠃ ᠠᠷᠠᠰᠤ ᠰᠢᠷᠢ ᠂ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠲᠡᠮᠵᠢᠨ᠎ᠡ ᠃ | ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠭᠠᠷᠴᠠᠭᠯᠠᠯ ᠪᠠᠶᠢᠭᠤᠯᠬᠤ ᠶᠢ ᠳᠡᠮᠵᠢᠵᠦ᠂ | ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠵᠣᠷᠢᠭᠵᠢᠭᠤᠯᠤᠨ᠂ | ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠵᠦ᠂ ︽ ᠦᠪᠦᠷ ᠮᠣᠩᠭᠤᠯ︾ | ᠲᠡᠮᠳᠡᠭᠲᠦ ᠶᠢᠨ ᠭᠡᠷᠡᠴᠢᠯᠡᠭᠡ ᠬᠢᠬᠦ ᠶᠢ ᠲᠦᠯᠬᠢᠨ ᠠᠬᠢᠭᠤᠯᠵᠤ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ | ᠲᠠᠨᠢᠯᠴᠠᠭᠤᠯᠭ᠎ᠠ ᠶᠢ ᠥᠷᠨᠢᠭᠦᠯᠦᠨ᠎ᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠠᠶᠢᠭᠤᠯᠤᠯᠲᠠ ᠶᠢᠨ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠤᠷᠰᠢᠯᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ | ᠲᠦᠷᠭᠡᠳᠬᠡᠬᠦ ᠶᠢ ᠳᠡᠮᠵᠢᠨ᠎ᠡ᠃ ︽ᠬᠤᠶᠠᠷ ᠠᠵᠢᠯᠯᠠᠭ᠎ᠠ︾ ᠨᠢ ᠲᠣᠰ ᠲᠣᠰ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠪᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠪᠣᠯᠣᠨ᠎ᠠ᠃ ᠡᠨᠡ | ᠵᠢᠯ ᠤᠨ ᠳᠡᠮᠵᠢᠬᠦ ᠲᠦᠷᠦ ᠶᠢᠨ ᠪᠣᠳᠣᠯᠭ᠎ᠠ ᠶᠢᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ | ᠳᠡᠭᠡᠷ᠎ᠡ ᠦᠷᠭᠦᠯᠵᠢᠯᠡᠨ ᠬᠦᠴᠦᠯᠡᠵᠦ ᠂ ᠦᠷ᠎ᠡ ᠪᠣᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ | ︽ᠴᠦᠮ᠎ᠡ ︾ ᠪᠠᠶᠢᠵᠤ ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠵᠠᠩᠭᠢᠯᠠᠭ᠎ᠠ ᠪᠣᠯᠣᠨ᠎ᠠ ᠃ ᠡᠨᠡ ᠵᠢᠯ | ᠪᠢᠳᠡ ᠦᠷᠭᠦᠯᠵᠢᠯᠡᠨ 9000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠦᠷ᠎ᠡ ᠡᠳ᠋ ᠤᠨ ᠡᠬᠢ | ᠪᠠᠶᠠᠯᠢᠭ ᠢ ᠬᠠᠮᠠᠭᠠᠯᠠᠨ ᠠᠰᠢᠭᠯᠠᠬᠤ᠂ ᠰᠠᠶᠢᠨ ᠡᠭᠦᠯᠳᠡᠷ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠳᠠᠪᠠᠭᠤᠯᠢᠭ | ᠣᠨᠴᠠᠯᠢᠭᠲᠤ ᠡᠭᠦᠯᠳᠡᠷ ᠢ ᠪᠣᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠨ᠎ᠡ᠃ ᠡᠭᠦᠨ ᠤ | ᠬᠠᠮᠲᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ | ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠵᠦ ᠂ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠲᠣᠬᠢᠷᠠᠭᠤᠯᠵᠤ ᠂ ᠡᠪᠡᠰᠦᠨ ᠦᠷ᠎ᠡ ᠶᠢᠨ ᠦᠢᠯᠡᠰ ᠂ ᠰᠠᠭᠠᠯᠢ ᠶᠢᠨ ᠦᠨᠢᠶ᠎ᠡ ᠂ ᠠᠯᠠᠰᠢᠨ ᠦᠬᠡᠷ ᠂ ᠠᠯᠠᠰᠢᠨ ᠬᠤᠨᠢ ᠂ | ᠲᠥᠮᠥᠰᠥ ᠵᠡᠷᠭᠡ 5 ᠳᠠᠪᠠᠭᠤᠯᠢᠭ ᠠᠵᠤ ᠦᠢᠯᠡᠰ ᠪᠣᠯᠣᠨ ᠡᠯᠳᠡᠪ ᠠᠮᠤ ᠂ ᠢᠳᠡᠰᠢᠨ ᠨᠣᠭᠤᠭ᠎ᠠ ᠂ ᠨᠡᠷᠡᠨ ᠬᠤᠸᠠᠷ ᠂ | ᠰᠢᠬᠢᠷ ᠯᠤᠤᠪᠠᠩ ᠵᠡᠷᠭᠡ ᠠᠵᠤ ᠦᠢᠯᠡᠰ ᠤᠨ ᠬᠡᠷᠡᠭᠵᠢᠭᠦᠯᠦᠭᠰᠡᠨ 14 ᠲᠦᠷᠦᠯ ᠵᠦᠢᠯ ᠳᠤ ᠦᠷᠭᠦᠯᠵᠢᠯᠡᠨ ᠳᠡᠮᠵᠢᠯᠭᠡ | ᠦᠵᠡᠭᠦᠯᠦᠨ᠎ᠡ ᠃ ᠪᠢᠳᠡ ᠪᠠᠰᠠ ᠰᠢᠯᠢᠳᠡᠭ ᠡᠭᠦᠯᠳᠡᠷ ᠢ ᠱᠠᠩᠨᠠᠨ ᠬᠥᠬᠢᠭᠦᠯᠬᠦ ᠲᠣᠭᠲᠠᠴᠠ ᠶᠢ ᠪᠠᠶᠢᠭᠤᠯᠵᠤ ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠲᠥᠮᠥᠰᠥ ᠶᠢᠨ ᠰᠢᠯᠢᠳᠡᠭ ᠰᠢᠨ᠎ᠡ | ᠡᠭᠦᠯᠳᠡᠷ ᠪᠣᠯᠣᠨ ᠤᠯᠤᠰ ᠤᠨ ᠬᠢᠨᠠᠨ ᠲᠣᠭᠲᠠᠭᠠᠯᠲᠠ ᠳᠤ ᠬᠢᠷᠢ ᠲᠡᠩᠴᠡᠭᠰᠡᠨ ᠡᠷᠳᠡᠨᠢ ᠰᠢᠰᠢ ᠂ ᠰᠢᠷ᠎ᠠ ᠪᠤᠷᠴᠠᠭ | ᠵᠡᠷᠭᠡ ᠡᠭᠦᠯᠳᠡᠷ ᠢ ᠨᠢᠭᠡ ᠯᠡ ᠤᠳᠠᠭ᠎ᠠ ᠪᠠᠷ ᠱᠠᠩᠨᠠᠨ ᠬᠥᠬᠢᠭᠦᠯᠦᠨ᠎ᠡ ᠃ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ | ᠨᠢ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠦᠷᠭᠦᠯᠵᠢᠯᠡᠨ ᠳᠡᠮᠵᠢᠬᠦ ᠡᠷᠴᠢᠮ ᠢᠶᠠᠨ | ᠴᠢᠩᠭᠠᠷᠠᠭᠤᠯᠤᠨ᠎ᠠ ᠂ ᠰᠦ ᠶᠢᠨ ᠦᠢᠯᠡᠰ ᠪᠣᠯ ᠮᠠᠨ ᠤ ᠣᠷᠣᠨ ᠤ ᠮᠢᠩᠭᠠᠨ ᠳ᠋ᠦᠩᠰᠢᠭᠤᠷ ᠤᠨ ᠲᠠᠰ ᠤᠨ ᠳᠠᠪᠠᠭᠤᠯᠢᠭ | ᠣᠨᠴᠠᠯᠢᠭᠲᠤ ᠠᠵᠤ ᠦᠢᠯᠡᠰ ᠮᠥᠨ᠂ ᠨᠢᠳᠤᠨᠤᠨ ᠥᠪᠡᠷᠲᠡᠭᠡᠨ ᠵᠠᠰᠠᠬᠤ ᠣᠷᠣᠨ ᠠᠴᠠ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠣᠳᠣᠬᠠᠨ ᠳᠤ ᠨᠢᠭᠡᠨᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠡᠨᠡ ᠵᠢᠯ ᠪᠢᠳᠡ ᠦᠷᠭᠦᠯᠵᠢᠯᠡᠨ ︽ ᠰᠦ ᠶᠢᠨ | ᠢᠷᠡᠯᠲᠡ︾᠂ ︽ᠦᠬᠡᠷ ᠤᠨ ᠢᠷᠡᠯᠲᠡ︾᠂ ︽ᠡᠪᠡᠰᠦᠨ ᠤ ᠢᠷᠡᠯᠲᠡ︾ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠬᠤ ᠶᠢ | ᠵᠣᠷᠢᠭᠵᠢᠭᠤᠯᠵᠤ᠂ ᠴᠢᠨᠠᠷ ᠰᠠᠶᠢᠲᠠᠢ ᠰᠠᠭᠠᠯᠢ ᠶᠢᠨ ᠦᠨᠢᠶ᠎ᠡ ᠶᠢᠨ ᠰᠦᠷᠦᠭᠵᠢᠯ ᠤᠨ ᠨᠡᠮᠡᠭᠳᠡᠯ ᠢ ᠠᠬᠢᠭᠤᠯᠤᠨ᠂ | 2021 ᠣᠨ ᠠᠴᠠ ᠰᠡᠭᠦᠯᠡᠷ ᠪᠠᠶᠢᠭᠤᠯᠤᠭᠰᠠᠨ 3000 ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ | ᠲᠠᠯᠠᠪᠠᠶ ᠳᠤ ᠰᠢᠨ᠎ᠡ ᠪᠠᠷ ᠨᠡᠮᠡᠭᠳᠡᠭᠰᠡᠨ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠨᠥᠬᠦᠪᠦᠷᠢ | ᠥᠭᠭᠦᠨ᠎ᠡ᠃ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠤᠨ ᠰᠦᠷᠦᠭ ᠢᠶᠠᠨ ᠥᠷᠭᠡᠳᠬᠡᠨ ᠶᠢ ᠳᠡᠮᠵᠢᠨ᠎ᠡ᠃ | ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠣᠯᠣᠨ ᠰᠠᠭᠠᠯᠢ ᠶᠢᠨ ᠲᠠᠷᠢᠶᠠᠴᠢᠳ ᠤᠨ ᠬᠤᠷᠰᠢᠶᠠᠨ ᠤ | ᠪᠣᠷᠳᠤᠭ᠎ᠠ ᠬᠤᠳᠠᠯᠳᠤᠨ ᠠᠪᠴᠤ ᠨᠥᠭᠡᠴᠡᠯᠡᠬᠦ ᠶᠢ ᠳᠡᠮᠵᠢᠨ᠎ᠡ ᠃ ᠴᠠᠷᠭᠠᠰᠤ ᠶᠢᠨ ᠳᠠᠷᠢᠬᠤ ᠲᠠᠯᠠᠪᠠᠶ ᠶᠢ | ᠥᠷᠭᠡᠳᠬᠡᠬᠦ ᠶᠢ ᠵᠣᠷᠢᠭᠵᠢᠭᠤᠯᠤᠨ᠎ᠠ᠃ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ | ᠰᠢᠨ᠎ᠡ ᠰᠦ ᠪᠣᠯᠪᠠᠰᠤᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠨ᠎ᠡ ᠃ | ᠭᠤᠷᠪᠠᠳᠤᠭᠠᠷ ᠲᠤ᠂ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ | ᠪᠦᠲᠦᠮᠵᠢᠲᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠪᠣᠳᠠᠲᠠᠢ ᠬᠠᠷᠠᠯᠲᠠ | ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ ᠪᠠᠷ ᠳᠠᠮᠵᠢᠭᠤᠯᠤᠨ ᠂ | ᠠᠮᠤ ᠪᠤᠳᠠᠭ᠎ᠠ ᠲᠠᠷᠢᠬᠤ ᠲᠠᠯᠠᠪᠠᠢ ᠶᠢ 1 ᠳ᠋ᠦᠩᠰᠢᠭᠤᠷ ᠮᠦ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ ᠂ | ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ ᠃ 395 | ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ ᠳᠠᠭᠤᠰᠬᠠᠨ᠂ 1920 ᠲᠦᠮᠡᠨ | ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠪᠡᠶᠡᠯᠡᠭᠦᠯᠦᠨ᠎ᠡ ᠃ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠦᠷ᠎ᠡ ᠡᠳ᠋ ᠤᠨ ᠡᠬᠢ | ᠪᠠᠶᠠᠯᠢᠭ ᠤᠨ ᠰᠠᠭᠤᠷᠢ ᠶᠢ ᠪᠥᠬᠦ ᠲᠠᠯ᠎ᠠ ᠪᠠᠷ ᠣᠶᠢᠯᠠᠭᠠᠵᠤ᠂ ᠪᠥᠬᠦ ᠤᠯᠤᠰ ᠲᠤ ᠲᠡᠷᠢᠭᠦᠨ ᠤ ᠳᠠᠪᠠᠭᠤᠯᠢᠭ ᠲᠠᠢ᠂ | ᠳᠡᠯᠭᠡᠷᠡᠭᠦᠯᠬᠦ ᠲᠠᠯᠠᠪᠠᠶ ᠨᠢ ᠡᠮᠦᠨ᠎ᠡ 10 ᠳᠤ ᠣᠷᠣᠭᠰᠠᠨ 1-2 ᠤᠨ ᠡᠭᠦᠯᠳᠡᠷ ᠢ ᠴᠢᠷᠮᠠᠶᠢᠨ ᠪᠣᠶᠢᠵᠢᠭᠤᠯᠵᠤ᠂ | ᠲᠠᠷᠢᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠠᠯᠠᠪᠠᠶ ᠶᠢ 100 ᠲᠦᠮᠡᠨ ᠮᠦ ᠠᠴᠠ | ᠳᠡᠭᠡᠭᠰᠢ ᠳᠤ ᠲᠣᠭᠲᠠᠪᠤᠷᠢᠵᠢᠭᠤᠯᠤᠨ᠂ ᠤᠯᠤᠰ ᠤᠨ ᠴᠢᠬᠤᠯᠠ ᠪᠣᠯᠬᠤ ᠦᠷ᠎ᠡ ᠶᠢᠨ ᠢᠷᠡᠯᠲᠡ ᠶᠢᠨ ᠰᠠᠭᠤᠷᠢᠨ | ᠭᠠᠵᠠᠷ ᠢ ᠪᠣᠶ ᠪᠣᠯᠭᠠᠨ᠎ᠠ᠃ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠬᠡᠷᠡᠭᠵᠢᠭᠦᠯᠬᠦ ᠪᠠᠷ ᠳᠠᠮᠵᠢᠭᠤᠯᠤᠨ᠂ 3000 ᠲᠣᠯᠣᠭᠠᠢ ᠠᠴᠠ ᠳᠡᠭᠡᠭᠰᠢᠬᠢ ᠬᠡᠪᠴᠢᠶᠡᠵᠢᠭᠦᠯᠦᠭᠰᠡᠨ ᠲᠡᠵᠢᠭᠡᠨ | ᠦᠷᠡᠵᠢᠭᠦᠯᠬᠦ ᠲᠠᠯᠠᠪᠠᠶ ᠶᠢ 58 ᠪᠠᠶᠢᠭᠤᠯᠵᠤ᠂ 16 ᠶᠢ ᠪᠠᠶᠢᠭᠤᠯᠤᠨ ᠳᠠᠭᠤᠰᠬᠠᠵᠤ᠂ ᠰᠠᠭᠠᠯᠢ ᠶᠢᠨ ᠦᠨᠢᠶ᠎ᠡ ᠶᠢ | 170 ᠲᠦᠮᠡ ᠠᠴᠠ ᠳᠡᠭᠡᠭᠰᠢ ᠳᠤ ᠬᠦᠷᠦᠭᠦᠯᠵᠦ᠂ ᠰᠠᠭᠠᠯᠢ ᠶᠢᠨ ᠭᠠᠷᠤᠯᠲᠠ ᠶᠢ 785 ᠲᠦᠮᠡᠨ ᠲᠣᠨ ᠳᠤ | ᠬᠦᠷᠦᠭᠦᠯᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠪᠠᠷ ᠳᠠᠮᠵᠢᠭᠤᠯᠤᠨ ᠬᠦᠭᠵᠢᠭᠦᠯᠦᠨ᠎ᠡ᠃ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠭᠤᠯᠤᠭᠳᠠᠴᠠ ᠪᠠ ᠨᠡᠮᠡᠯᠲᠡ ᠥᠷᠲᠡᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢ ᠳᠣᠣᠷᠠᠳᠤ ᠤᠷᠤᠰᠬᠠᠯ ᠲᠡᠶᠢᠰᠢ ᠤᠷᠲᠤᠳᠬᠠᠬᠤ ᠂ | ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠲᠡᠰᠵᠢᠯᠳᠡ ᠶᠢ ᠲᠦᠯᠬᠢᠨ ᠠᠬᠢᠭᠤᠯᠵᠤ ᠂ ᠵᠠᠭᠤᠨ ᠳ᠋ᠦᠩᠰᠢᠭᠤᠷ ᠤᠨ | ᠳᠡᠰ ᠂ ᠮᠢᠩᠭᠠᠨ ᠳ᠋ᠦᠩᠰᠢᠭᠤᠷ ᠤᠨ ᠲᠡᠰ ᠤᠨ ᠬᠡᠪᠴᠢᠶᠡᠵᠢᠭᠰᠡᠨ ᠠᠵᠤ ᠦᠢᠯᠡᠰ ᠤᠨ ᠪᠥᠭᠡᠮᠨᠡᠷᠡᠯ ᠢ ᠨᠡᠩ ᠤᠯᠠᠨ | ᠪᠣᠶᠢᠵᠢᠭᠤᠯᠤᠨ᠎ᠠ ᠃ | ᠳᠥᠷᠪᠡᠳᠦᠭᠡᠷ ᠲᠤ᠂ ᠡᠨᠡ ᠵᠢᠯ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢᠨ ᠬᠤᠪᠢᠷᠠᠯᠲᠠ | ᠪᠣᠯᠣᠨ ᠣᠨᠴᠠᠯᠢᠭ | ᠡᠨᠡ ᠵᠢᠯ ᠤᠨ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢᠨ ᠪᠣᠷᠣ ᠲᠥᠯᠥᠪ ᠢ ᠬᠤᠪᠢᠷᠠᠭᠤᠯᠬᠤ ᠦᠭᠡᠢ | ᠰᠠᠭᠤᠷᠢᠨ ᠳᠡᠭᠡᠷ᠎ᠡ ᠨᠠᠷᠢᠨ ᠳᠦᠷᠢᠮ ᠳᠤ ᠡᠳᠦᠢ ᠲᠡᠳᠦᠢ ᠬᠤᠪᠢᠷᠠᠯᠲᠠ ᠭᠠᠷᠴᠠᠢ᠃ ᠨᠢᠭᠡ ᠳᠤ ᠨᠠᠷᠢᠨ ᠳᠦᠷᠢᠮ ᠳᠤ | ᠰᠢᠨ᠎ᠡ ᠪᠠᠷ ᠲᠣᠬᠢᠷᠠᠭᠤᠯᠤᠯᠲᠠ ᠬᠢᠨ᠎ᠡ ᠃ 2022 ᠣᠨ ᠤ ᠲᠤᠬᠠᠢ ᠶᠢᠨ ᠵᠢᠯ ᠳᠤ ᠨᠢᠭᠡᠨᠲᠡ ᠪᠡᠶᠡᠯᠡᠭᠦᠯᠦᠭᠰᠡᠨ | ᠲᠥᠷᠥᠯ ᠵᠦᠢᠯ ᠢ ᠤᠯᠤᠰ ᠤᠨ ᠲᠠᠰ ᠤᠨ ᠡᠭᠦᠯᠳᠡᠷ ᠬᠠᠮᠠᠭᠠᠯᠠᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ᠂ | ᠠᠯᠠᠰᠢᠨ ᠦᠬᠡᠷ ᠪᠠ ᠨᠤᠤᠯᠤᠭᠤᠷ ᠤᠨ ᠢᠮᠠᠭᠠᠨ ᠤ ᠰᠠᠶᠢᠨ ᠡᠭᠦᠯᠳᠡᠷ ᠤᠨ ᠮᠡᠷᠭᠡᠵᠢᠯ ᠢ ᠳᠡᠯᠭᠡᠷᠡᠭᠦᠯᠬᠦ᠂ ᠳᠤᠮᠳᠠ | ᠵᠢᠵᠢᠭ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠵᠤ ᠪᠠᠭᠲᠠᠭᠠᠮᠵᠢ ᠶᠢ | ᠨᠢ ᠥᠷᠭᠡᠳᠬᠡᠨ ᠳᠡᠭᠡᠭᠰᠢᠯᠡᠭᠦᠯᠬᠦ᠂ ᠰᠢᠷ᠎ᠠ ᠪᠤᠷᠴᠠᠭ ᠤᠨ ᠲᠠᠷᠢᠶᠠᠯᠠᠭ᠎ᠠ ᠶᠢ ᠬᠥᠭᠵᠢᠭᠦᠯᠦᠨ ᠮᠠᠨᠳᠤᠭᠤᠯᠬᠤ | ᠲᠥᠯᠥᠪᠯᠡᠭᠡ ᠵᠡᠷᠭᠡ 4 ᠲᠥᠷᠥ ᠶᠢᠨ ᠪᠣᠳᠣᠯᠭ᠎ᠠ ᠶᠢᠨ ᠲᠥᠷᠥᠯ ᠵᠦᠢᠯ ᠢ ᠪᠠᠭᠲᠠᠭᠠᠨ᠎ᠠ ᠃ ᠠᠷᠠᠰᠤ ᠰᠢᠷᠢ ᠂ | ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ 2 ᠵᠦᠢᠯ ᠤᠨ ᠲᠦᠷᠦ ᠶᠢᠨ ᠪᠣᠳᠣᠯᠭ᠎ᠠ ᠶᠢᠨ ᠨᠠᠷᠢᠨ ᠳᠦᠷᠢᠮ ᠢ | ᠰᠢᠨ᠎ᠡ ᠪᠠᠷ ᠨᠡᠮᠡᠨ᠎ᠡ ᠃ ᠬᠤᠶᠠᠷ ᠲᠤ ᠠᠭᠤᠯᠭ᠎ᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ ᠵᠢᠱᠢᠶᠡᠯᠡᠪᠡᠯ᠂ | ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ | ᠦᠵᠡᠭᠦᠯᠬᠦ ᠢᠨᠵᠧᠨᠧᠷᠢᠩ ᠢ ᠥᠷᠨᠢᠭᠦᠯᠬᠦ ᠳᠤᠮᠳᠠ᠂ ᠣᠨᠴᠠᠯᠢᠭᠲᠤ ᠮᠠᠯ ᠵᠢᠭᠦᠷᠲᠡᠨ᠂ ᠲᠠᠷᠢᠮᠠᠯ ᠵᠡᠷᠭᠡ ᠦᠷ᠎ᠡ ᠶᠢᠨ | ᠦᠢᠯᠡᠰ ᠤᠨ ᠬᠦᠷᠢᠶ᠎ᠡ ᠴᠠᠷᠠᠭ᠎ᠠ ᠪᠠ ᠴᠢᠨᠠᠷ ᠰᠠᠶᠢᠲᠠᠢ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠪᠠ ᠬᠤᠷᠢᠶᠠᠵᠤ | ᠪᠣᠯᠪᠠᠰᠤᠷᠠᠭᠤᠯᠬᠤ ᠂ ᠪᠠᠶᠢᠭᠠᠯᠢ ᠪᠡᠯᠴᠢᠭᠡᠷ ᠢ ᠰᠠᠶᠢᠵᠢᠷᠠᠭᠤᠯᠬᠤ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠵᠡᠷᠭᠡ ᠡᠪᠡᠰᠦᠨ ᠤ ᠦᠢᠯᠡᠰ ᠤᠨ ᠬᠦᠷᠢᠶ᠎ᠡ ᠴᠠᠷᠠᠭᠠᠨ ᠳᠤ ︽ᠵᠠᠷᠯᠠᠨ ᠮᠠᠩᠯᠠᠶᠢᠯᠠᠭᠤᠯᠬᠤ︾ ᠠᠵᠢᠯ ᠢ | ᠨᠡᠮᠡᠭᠳᠡᠭᠦᠯᠦᠨ᠎ᠡ᠃ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠤᠯᠲᠠ ᠶᠢᠨ ᠰᠦᠷᠦᠭᠵᠢᠯ ᠢ ᠥᠷᠭᠡᠳᠬᠡᠨ | ᠨᠡᠮᠡᠭᠳᠡᠭᠦᠯᠬᠦ ᠶᠢ ᠳᠡᠮᠵᠢᠬᠦ ᠶᠠᠪᠤᠴᠠ ᠳᠤ᠂ ᠳᠡᠮᠵᠢᠬᠦ ᠨᠥᠬᠦᠴᠡᠯ ᠪᠠ ᠭᠦᠢᠴᠡᠳᠬᠡᠬᠦ ᠲᠤᠭ᠎ᠠ ᠶᠢ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ︽ᠰᠠᠭᠠᠯᠢ ᠶᠢᠨ ᠦᠨᠢᠶ᠎ᠡ ᠪᠠ ᠰᠦ ᠮᠢᠬ᠎ᠠ ᠬᠤᠤᠰᠯᠠᠭᠰᠠᠨ ᠦᠬᠡᠷ ᠤᠨ ᠡᠭᠦᠯᠳᠡᠷ ᠤᠨ | ᠦᠢᠯᠡᠳᠪᠦᠷᠢᠯᠡᠯ ᠡᠵᠡᠩᠨᠡᠯᠳᠡ ᠶᠢᠨ ᠵᠥᠪᠰᠢᠶᠡᠷᠡᠯ ᠤᠨ ᠦᠨᠡᠮᠯᠡᠯ ᠲᠠᠢ᠂ ᠤᠯᠤᠰ ᠤᠨ ᠳᠣᠲᠣᠭᠠᠳᠤ ᠭᠠᠳᠠᠭᠠᠳᠤ ᠶᠢᠨ | ᠨᠡᠷᠡᠰ ᠤᠨ ᠵᠢᠭᠰᠠᠭᠠᠯᠲᠠ ᠶᠢᠨ ᠡᠭᠦᠯᠳᠡᠷ ᠤᠨ ᠪᠤᠬ᠎ᠠ ᠶᠢ ᠪᠣᠶᠢᠵᠢᠭᠤᠯᠤᠨ ᠭᠠᠷᠭᠠᠵᠤ ᠳᠡᠶᠢᠯᠬᠦ ᠪᠥᠭᠡᠳ ᠬᠢᠨᠠᠨ | ᠰᠢᠯᠭᠠᠯᠲᠠ ᠪᠠᠷ ᠳᠡᠮᠵᠢᠨ ᠪᠠᠷᠢᠮᠵᠢᠶ᠎ᠠ ᠳᠤ ᠬᠦᠷᠦᠭᠰᠡᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠢ ᠱᠠᠩᠨᠠᠨ᠎ᠠ︾ | ᠭᠡᠵᠦ ᠲᠣᠳᠣᠷᠬᠠᠢ ᠲᠣᠭᠲᠠᠭᠠᠨ᠎ᠠ ᠃ | ᠡᠨᠡ ᠵᠢᠯ ᠤᠨ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠᠨ ᠳᠤ ᠳᠣᠣᠷᠠᠬᠢ ᠮᠡᠲᠦ ᠬᠡᠳᠦᠨ ᠣᠨᠴᠠᠯᠢᠭ ᠲᠠᠢ ᠃ | ᠨᠢᠭᠡ ᠳᠤ ᠦᠷᠭᠦᠯᠵᠢᠯᠡᠩᠭᠦᠢ ᠴᠢᠨᠠᠷ ᠢᠶᠠᠷ ᠴᠢᠩᠭ᠎ᠠ ᠃ ᠡᠨᠡ ᠵᠢᠯ ᠤᠨ ᠲᠥᠷᠥ ᠶᠢᠨ ᠪᠣᠳᠣᠯᠭ᠎ᠠ ᠶᠢᠨ ᠨᠠᠷᠢᠨ | ᠳᠠᠩᠰᠠ ᠶᠢᠨ ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ ᠢ 2022 ᠣᠨ ᠤ ᠬᠢ ᠠᠴᠠ ᠬᠤᠪᠢᠷᠠᠭᠤᠯᠬᠤ | ᠦᠭᠡᠢ᠂ ᠡᠭᠦᠨ ᠳᠤ 14 ᠵᠦᠢᠯ ᠤᠨ ᠲᠥᠷᠥ ᠶᠢᠨ ᠪᠣᠳᠣᠯᠭ᠎ᠠ ᠨᠢ ᠨᠢᠳᠤᠨᠤᠨ ᠤ ᠬᠢ ᠲᠠᠢ ᠦᠨᠳᠦᠰᠦᠨ ᠳᠡᠭᠡᠨ | ᠨᠢᠭᠡᠳᠦᠯᠲᠡᠢ ᠪᠠᠶᠢᠵᠤ᠂ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠶᠢᠨ ᠲᠠᠯ᠎ᠠ ᠪᠠᠷ ᠲᠣᠭᠲᠠᠭᠤᠨ ᠪᠠᠶᠢᠬᠤ ᠶᠢ | ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠦᠷᠬᠦᠯᠵᠢᠯᠡᠩᠭᠦᠢ ᠴᠢᠨᠠᠷ ᠢ ᠦᠨᠡᠨ ᠬᠦ ᠪᠠᠲᠤᠯᠠᠪᠠ᠃ ᠬᠤᠶᠠᠷ ᠲᠤ ᠶᠠᠰᠤ | ᠴᠢᠨᠠᠷ ᠤᠨ ᠠᠭᠤᠯᠤᠭᠳᠠᠴᠠ ᠪᠠᠷ ᠥᠨᠳᠥᠷ᠃ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ ᠪᠡᠯᠡ | ᠮᠥᠩᠭᠦ ᠶᠢᠨ ᠲᠣᠬᠢᠷᠠᠭᠤᠯᠤᠯᠲᠠ ᠶᠢ 200 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠵᠦ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠢ ᠴᠢᠬᠤᠯᠠᠴᠢᠯᠠᠨ ᠲᠠᠷᠢᠶᠠᠯᠠᠩ ᠢ ᠠᠳᠬᠤᠬᠤ ᠡᠷᠡᠰ ᠵᠣᠷᠢᠭ ᠪᠠ ᠡᠷᠴᠢᠮ ᠢ ᠭᠦᠢᠴᠡᠳ | ᠢᠯᠡᠷᠡᠭᠦᠯᠪᠡ᠃ ᠵᠢᠱᠢᠶᠡᠯᠡᠪᠡᠯ᠂ ᠡᠨᠡ ᠵᠢᠯ ᠲᠠᠷᠢᠶᠠᠨ ᠭᠠᠵᠠᠷ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠬᠤ | ᠲᠠᠯ᠎ᠠ ᠪᠠᠷ ᠨᠠᠩ ᠶᠡᠭᠡ ᠣᠷᠤᠭᠤᠯᠤᠯᠲᠠ ᠣᠷᠣᠭᠤᠯᠵᠤ᠂ ᠡᠨᠡ ᠵᠢᠯ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠭ᠎ᠠ ᠶᠢ 570 ᠲᠦᠮᠡᠨ ᠮᠦ ᠰᠢᠨ᠎ᠡ ᠪᠠᠷ ᠨᠡᠮᠡᠭᠳᠡᠭᠦᠯᠦᠨ ᠳᠡᠮᠵᠢᠨ᠎ᠡ᠃ ᠭᠤᠷᠪᠠ ᠳᠤ ᠬᠦᠴᠦᠯᠡᠬᠦ | ᠴᠡᠭ ᠣᠨᠣᠪᠴᠢᠲᠠᠢ᠃ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠨᠢ ᠲᠠᠷᠢᠶᠠᠯᠠᠩ ᠮᠠᠯ ᠠᠵᠤ ᠠᠬᠤᠢ ᠶᠢᠨ | ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠶᠢ ᠲᠣᠪᠤᠶᠢᠯᠭᠠᠨ᠂ ᠦᠷ᠎ᠡ ᠪᠠ ᠲᠠᠷᠢᠶᠠᠨ ᠭᠠᠵᠠᠷ ᠭᠡᠬᠦ ᠬᠤᠶᠠᠷ ᠵᠠᠩᠭᠢᠯᠠᠭ᠎ᠠ ᠶᠢ ᠠᠳᠬᠤᠵᠤ᠂ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠪᠠ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ ᠨᠡᠮᠡᠷᠢᠯᠡᠵᠦ᠂ | ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠦᠨᠡᠨ ᠬᠦ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠭᠰᠡᠨ | ᠪᠠᠶᠢᠨ᠎ᠠ᠃ | ᠲᠠᠪᠤᠳᠤᠭᠠᠷ ᠲᠤ᠂ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠰᠠᠶᠢᠨ ᠨᠠᠶᠢᠳᠠᠪᠤᠷᠢᠵᠢᠭᠤᠯᠬᠤ ᠠᠷᠭ᠎ᠠ | ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠡᠷᠡᠭᠵᠢᠭᠦᠯᠬᠦ ᠶᠢ ᠠᠬᠢᠭᠤᠯᠬᠤ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠭᠤᠣᠯᠳᠠᠯᠭ᠎ᠠ ᠲᠠᠢ ᠡᠭᠦᠷᠭᠡ ᠶᠢᠨ ᠡᠬᠡ ᠲᠠᠩᠰᠠ ᠶᠢ | ᠪᠠᠶᠢᠭᠤᠯᠵᠤ᠂ ᠠᠬᠢᠴᠠ ᠶᠢᠨ ᠲᠣᠬᠢᠷᠠᠭᠤᠯᠤᠯᠲᠠ ᠶᠢ ᠨᠠᠷᠢᠯᠢᠭᠵᠢᠭᠤᠯᠤᠨ᠂ ᠠᠵᠢᠯ ᠤᠨ ᠠᠬᠢᠴᠠ ᠶᠢ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠵᠤ᠂ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠴᠠᠭ ᠲᠤᠬᠠᠢ ᠳᠤᠨᠢ | ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠠᠬᠢᠭᠤᠯᠤᠨ᠎ᠠ᠃ | ᠬᠤᠶᠠᠷ ᠲᠤ ᠵᠢᠭᠠᠨ ᠵᠢᠯᠤᠭᠤᠳᠴᠤ ᠪᠣᠯᠪᠠᠰᠤᠷᠠᠭᠤᠯᠬᠤ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠬᠠᠷᠠᠯᠲᠠᠲᠤ | ᠬᠠᠮᠢᠶᠠᠷᠤᠯᠲᠠ ᠪᠠ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠪᠥᠬᠦ ᠣᠷᠣᠨ ᠤ ᠴᠢᠨᠠᠷᠲᠠᠢ᠂ ᠣᠷᠣᠨ | ᠪᠦᠰᠡ ᠶᠢᠨ ᠴᠢᠨᠠᠷᠲᠠᠢ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠢ | ᠵᠢᠯᠣᠭᠤᠳᠤᠨ ᠱᠠᠯᠠᠪᠳᠠᠭᠤᠯᠵᠤ ᠪᠠᠶᠢᠭᠠᠳ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ | ᠭᠤᠷᠪᠠ ᠳᠤ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠎ᠠ ᠃ ᠬᠡᠷᠡᠭᠵᠢᠭᠦᠯᠬᠦ | ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠤ ᠰᠠᠯᠠᠭ᠎ᠠ ᠮᠥᠴᠢᠷ ᠤᠳ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠥᠷᠨᠢᠭᠦᠯᠬᠦ ᠪᠠᠷ ᠳᠠᠮᠵᠢᠭᠤᠯᠤᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠵᠠᠷᠤᠳᠠᠯ ᠤᠨ ᠬᠡᠷᠡᠭᠯᠡᠯᠲᠡ ᠶᠢᠨ ᠵᠢᠷᠤᠮᠵᠢᠯ ᠲᠠᠢ ᠰᠢᠨᠵᠢᠯᠡᠬᠦ ᠤᠬᠠᠭᠠᠨᠴᠢ ᠪᠠᠶᠢᠬᠤ ᠶᠢ ᠦᠨᠡᠨᠬᠦ | ᠪᠠᠲᠤᠯᠠᠨ᠎ᠠ᠃ | ᠲᠠᠷᠢᠶᠠᠯᠠᠩ ᠮᠠᠯ ᠠᠵᠤ ᠠᠬᠤᠢ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠰᠤᠷᠪᠤᠯᠵᠢᠯᠠᠭᠴᠢ ᠶᠢᠨ ᠠᠰᠠᠭᠤᠯᠲᠠ ᠶᠢ | ᠬᠠᠷᠢᠭᠤᠯᠪᠠ | ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ᠰᠤᠷᠪᠤᠯᠵᠢᠯᠠᠭᠴᠢ ᠄ ᠦᠷ᠎ᠡ ᠶᠢᠨ ᠦᠢᠯᠡᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠢ ᠬᠡᠷᠡᠭᠵᠢᠭᠦᠯᠦᠭᠰᠡᠨ ᠨᠢᠭᠡ ᠵᠢᠯ ᠤᠨ ᠲᠤᠷᠰᠢ ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠢ ︖ | ᠲᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠨᠢ ᠶᠠᠭᠤ ᠪᠣᠢ︖ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ | ᠢᠦᠢ ᠸᠧᠢ᠄ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠨ ᠵᠠᠩᠭᠢᠯᠠᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ | ᠫᠢᠩ ᠴᠢᠬᠤᠯᠠᠴᠢᠯᠠᠭᠰᠠᠨ ᠨᠢ᠂ ︽ᠡᠷᠬᠡᠪᠰᠢ ᠵᠣᠷᠢᠭ ᠰᠢᠭᠤᠳᠤᠨ ᠮᠠᠨ ᠤ ᠤᠯᠤᠰ ᠤᠨ ᠦᠷ᠎ᠡ ᠶᠢᠨ ᠦᠢᠯᠡᠰ ᠢ | ᠬᠥᠭᠵᠢᠭᠦᠯᠵᠦ᠂ ᠦᠷ᠎ᠡ ᠶᠢᠨ ᠦᠢᠯᠡᠰ ᠢ ᠦᠪᠡᠰᠦᠪᠡᠨ ᠬᠦᠴᠦᠷᠬᠡᠭᠵᠢᠭᠦᠯᠵᠦ᠂ ᠦᠷ᠎ᠡ ᠶᠢᠨ ᠢᠷᠡᠯᠲᠡ ᠶᠢ | ᠦᠪᠡᠰᠦᠪᠡᠨ ᠡᠵᠡᠮᠳᠡᠵᠦ ᠪᠣᠯᠬᠤ ᠪᠣᠯᠭᠠᠬᠤ ᠬᠡᠷᠡᠭᠲᠡᠢ︾ ᠭᠡᠵᠡᠢ᠃ ᠨᠠᠮ ᠤᠨ ᠬᠤᠷᠢᠳᠤᠭᠠᠷ ᠶᠡᠭᠡ ᠬᠤᠷᠠᠯ ᠠᠴᠠ | ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠲᠠᠷᠢᠶᠠᠯᠠᠩ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠪᠡᠯᠡᠳᠭᠡᠮᠵᠢ ᠶᠢᠨ ᠲᠤᠯᠭᠠᠭᠤᠷᠢᠯᠠᠯ ᠢ ᠴᠢᠩᠭᠠᠳᠬᠠᠵᠤ ᠂ ᠳᠤᠮᠳᠠᠲᠦ | ᠤᠯᠤᠰ ᠤᠨ ᠬᠦᠮᠦᠰ ᠤᠨ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ | ᠪᠠᠲᠤᠯᠠᠬᠤ ᠬᠡᠷᠡᠭᠲᠡᠢ ︾ ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠪᠠ ᠃ | ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠳᠠᠪᠤᠷᠢ ᠶᠢ ᠦᠨᠡᠨᠬᠦ ᠳᠡᠭᠡᠭᠰᠢᠯᠡᠬᠦᠯᠬᠦ ᠶᠢᠨ ᠲᠦᠯᠦᠭᠡ᠂ 2022 ᠣᠨ ᠳᠤ ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶ᠎ᠡ᠂ | ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭ ᠠᠵᠤ ᠦᠢᠯᠡᠰ ᠵᠢᠴᠢ ᠡᠯᠳᠡᠪ ᠠᠮᠤ᠂ | ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠮᠠᠰᠢ ᠤᠯᠠᠨ ᠪᠤᠰᠤᠳ ᠠᠵᠤ ᠦᠢᠯᠡᠰ ᠲᠤ | ᠰᠢᠨ᠎ᠡ ᠶᠢ ᠡᠭᠦᠳᠬᠦ ᠬᠡᠯᠬᠢᠶᠡᠵᠢᠯ ᠤᠨ ᠪᠠᠶᠢᠷᠢᠰᠢᠭᠤᠯᠤᠯᠲᠠ ᠶᠢ ᠲᠦᠯᠬᠢᠨ ᠠᠬᠢᠭᠤᠯᠵᠤ᠂ ︽ᠵᠠᠷᠯᠠᠨ ᠮᠠᠩᠯᠠᠶᠢᠯᠠᠭᠤᠯᠬᠤ︾ | ︽ᠮᠣᠷᠢ ᠤᠷᠤᠯᠳᠤᠬᠤ︾ ᠵᠡᠷᠭᠡ ᠰᠢᠨ᠎ᠡ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ | ᠪᠠᠶᠢᠭᠤᠯᠤᠯᠲᠠ ᠶᠢᠨ ᠠᠷᠭ᠎ᠠ ᠮᠠᠶ᠋ᠢᠭ ᠢ ᠬᠡᠷᠡᠭᠯᠡᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠣᠷᠣᠨ ᠤ | ᠳᠣᠲᠣᠷ᠎ᠠ ᠭᠠᠳᠠᠨᠠᠬᠢ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠬᠠᠮᠲᠤᠷᠠᠭᠰᠠᠨ ᠪᠣᠭᠤᠮᠲᠠ ᠰᠢᠪᠲᠤᠯᠬᠤ ᠶᠢ ᠲᠦᠯᠬᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ | ᠠᠩᠬ᠎ᠠ ᠪᠦᠯᠦᠭ ᠲᠤ 12 ᠲᠦᠷᠦᠯ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ | ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠵᠦ ᠂ ᠣᠷᠣᠨ ᠤ ᠳᠣᠲᠣᠨ᠎ᠠ ᠭᠠᠳᠠᠨᠠᠬᠢ 44 ᠠᠵᠤ ᠠᠬᠤᠶᠢᠯᠠᠯ ᠂ | 28 ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ 16 ᠶᠡᠭᠡ ᠳᠡᠭᠡᠳᠦ ᠰᠤᠷᠭᠠᠭᠤᠯᠢ ᠶᠢ ᠲᠠᠲᠠᠵᠤ ᠂ | 19 ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ ᠵᠠᠷᠯᠠᠯ ᠳᠤ ᠣᠷᠣᠯᠴᠠᠭᠤᠯᠵᠠᠢ ᠃ | ︽ᠵᠠᠷᠯᠠᠨ ᠮᠠᠩᠯᠠᠶᠢᠯᠠᠭᠤᠯᠬᠤ︾ 14 ᠲᠥᠷᠥᠯ ᠵᠦᠢᠯ ᠢ ᠬᠡᠷᠡᠭᠵᠢᠭᠦᠯᠵᠦ᠂ 2022 ᠣᠨ ᠳᠤ ᠤᠷᠢᠳᠠᠪᠠᠷ 7300 | ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠵᠠᠷᠤᠳᠠᠯ ᠢ ᠣᠷᠣᠭᠤᠯᠵᠤ᠂ 1.46 ᠳ᠋ᠦᠩᠰᠢᠭᠤᠷ ᠲᠥᠭᠦᠷᠢᠭ ᠤᠨ | ᠨᠡᠶᠢᠭᠡᠮ ᠤᠨ ᠡᠳ᠋ ᠬᠥᠷᠥᠩᠭᠡ ᠶᠢᠨ ᠣᠷᠤᠭᠤᠯᠤᠯᠲᠠ ᠶᠢ ᠳᠠᠶᠢᠴᠢᠯᠠᠪᠠ᠃ | ᠨᠢᠭᠡ ᠵᠢᠯ ᠰᠢᠬᠠᠮ ᠤᠨ ᠬᠡᠷᠡᠭᠵᠢᠭᠦᠯᠦᠯᠲᠡ ᠪᠠᠷ ᠳᠠᠮᠵᠢᠭᠠᠳ ᠂ ᠦᠷ᠎ᠡ ᠶᠢᠨ ᠦᠢᠯᠡᠰ ᠤᠨ ︽ ᠵᠠᠷᠯᠠᠨ | ᠮᠠᠩᠯᠠᠶᠢᠯᠠᠭᠤᠯᠬᠤ ︾ ᠲᠦᠷᠦᠯ ᠵᠦᠢᠯ ᠱᠠᠲᠤᠴᠢ ᠴᠢᠨᠠᠷᠲᠠᠢ ᠠᠬᠢᠴᠠ ᠲᠠᠢ ᠪᠣᠯᠪᠠ ᠃ ᠠᠩᠬ᠎ᠠ ᠠᠯᠬᠤᠮ ᠤᠨ | ᠪᠦᠷᠢᠳᠬᠡᠯ ᠢ ᠦᠨᠳᠦᠰᠦᠯᠡᠨ᠂ 2022 ᠣᠨ ᠳᠤ ᠂ ᠲᠦᠷᠦᠯ ᠵᠦᠢᠯ ᠢ ᠬᠡᠷᠡᠭᠵᠢᠭᠦᠯᠬᠦ ᠪᠦᠯᠬᠦᠮ ᠤᠨ ᠬᠢᠨ ᠡᠯ᠎ᠡ | ᠲᠦᠷᠦᠯ ᠤᠨ ᠦᠷ᠎ᠡ ᠡᠳ᠋ ᠤᠨ ᠡᠬᠢ ᠪᠠᠶᠠᠯᠢᠭ ᠢ ᠨᠡᠶᠢᠳᠡ 2200 ᠬᠤᠪᠢ ᠣᠷᠣᠭᠤᠯᠵᠤ ᠂ 2500 ᠭᠠᠷᠤᠢ | ᠬᠤᠪᠢ ᠬᠢᠨᠠᠨ ᠲᠣᠭᠲᠠᠭᠠᠵᠤ ᠂ ᠨᠠᠮᠤᠷ ᠢᠴᠡᠭᠡᠯᠡᠬᠦ ᠂ ᠬᠦᠢᠲᠡᠨ ᠳᠤ ᠲᠡᠰᠪᠦᠷᠢᠲᠡᠢ᠂ ᠥᠨᠳᠥᠷ ᠤᠨᠠᠯᠲᠠ ᠲᠠᠢ ᠂ | ᠰᠢᠯᠢᠳᠡᠭ ᠪᠦᠲᠦᠭᠡᠭᠳᠡᠬᠦᠨ ᠵᠡᠷᠭᠡ ᠬᠠᠮᠢᠶ᠎ᠠ ᠪᠦᠬᠦᠢ 60 ᠭᠠᠷᠤᠢ ᠮᠠᠯ ᠲᠠᠷᠢᠶᠠᠯᠠᠩ ᠤᠨ ᠭᠧᠨ ᠢ ᠺᠯᠤᠨᠳᠠᠵᠤ ᠂ 7 | ᠵᠦᠢᠯ ᠤᠨ ᠲᠡᠵᠢᠭᠡᠯ ᠪᠣᠷᠳᠤᠭ᠎ᠠ᠂ ᠲᠠᠷᠢᠮᠠᠯ ᠤᠨ ᠰᠢᠨ᠎ᠡ ᠡᠭᠦᠯᠳᠡᠷ ᠢ ᠬᠢᠨᠠᠨ ᠲᠣᠭᠲᠠᠭᠠᠵᠤ ᠳᠠᠩᠰᠠᠯᠠᠵᠤ ᠂ ᠤᠯᠠᠨ | ᠠᠯᠠᠰᠢᠨ ᠬᠤᠨᠢ ᠂ ᠠᠯᠠᠰᠢᠨ ᠦᠬᠡᠷ ᠤᠨ ᠰᠢᠨ᠎ᠡ ᠡᠭᠦᠯᠳᠡᠷ ᠢ ᠪᠣᠶᠢᠵᠢᠭᠤᠯᠵᠠᠢ ᠃ | ᠡᠭᠦᠨ ᠳᠤ᠂ ︽ᠠᠯᠠᠰᠢᠨ ᠬᠤᠨᠢᠨ ᠤ ᠰᠢᠯᠢᠳᠡᠭ ᠡᠭᠦᠯᠳᠡᠷ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠵᠢᠴᠢ | ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ︾ ᠶᠢᠨ ᠲᠥᠷᠥᠯ | ᠵᠦᠢᠯ ᠨᠢ ᠴᠢᠨᠠᠷ ᠰᠠᠶᠢᠲᠠᠢ ᠠᠯᠠᠰᠢᠨ ᠬᠤᠨᠢᠨ ᠤ ᠦᠷ᠎ᠡ ᠪᠣᠶᠢᠵᠢᠭᠤᠯᠬᠤ ᠬᠠᠮᠲᠤᠷᠠᠭᠰᠠᠨ ᠮᠡᠷᠭᠡᠵᠢᠯ ᠤᠨ | ᠰᠢᠰᠲ᠋ᠧᠮᠵᠢ ᠶᠢ ᠪᠠᠶᠢᠭᠤᠯᠬᠤ ᠪᠠᠷ ᠳᠡᠮᠵᠢᠨ᠂ ᠮᠠᠨ ᠤ ᠤᠯᠤᠰ ᠤᠨ ᠠᠩᠬᠠᠳᠠᠭᠴᠢ ᠮᠠᠯᠵᠢᠬᠤ ᠣᠷᠣᠨ ᠪᠠ ᠬᠠᠭᠠᠰ | ᠲᠠᠷᠢᠶᠠᠯᠠᠬᠤ ᠬᠠᠭᠠᠰ ᠮᠠᠯᠵᠢᠬᠤ ᠣᠷᠣᠨ ᠤ ᠲᠤᠰᠬᠠᠶᠢᠵᠢᠭᠰᠠᠨ ᠠᠯᠠᠰᠢᠨ ᠬᠤᠨᠢᠨ ᠤ ᠰᠢᠨ᠎ᠡ ᠡᠭᠦᠯᠳᠡᠷ ᠤᠨ ᠳ᠋ᠦ᠋ ᠮᠧᠩ | ᠬᠤᠨᠢ ᠶᠢ ᠠᠮᠵᠢᠯᠲᠠ ᠲᠠᠢ ᠪᠠᠷ ᠪᠣᠶᠢᠵᠢᠭᠤᠯᠤᠨ ᠬᠢᠨᠠᠨ ᠲᠣᠭᠲᠠᠭᠠᠪᠠ︔ ︽ᠳᠡᠭᠡᠳᠦ ᠲᠠᠰ ᠤᠨ ᠰᠠᠭᠠᠯᠢ ᠶᠢᠨ | ᠦᠨᠢᠶ᠎ᠡ ᠶᠢᠨ ᠡᠭᠦᠯᠳᠡᠷ ᠤᠨ ᠢᠷᠡᠯᠲᠡ ᠶᠢ ᠠᠭᠤᠳᠠᠯᠬᠤ ᠵᠢᠴᠢ ᠥᠨᠳᠥᠷ ᠦᠷ᠎ᠡ ᠠᠰᠢᠭ ᠲᠠᠢ ᠦᠷᠡᠵᠢᠭᠦᠯᠦᠨ | ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ︾ ᠲᠥᠷᠥᠯ ᠵᠦᠢᠯ ᠳᠤ ᠴᠢᠨᠠᠷ ᠰᠠᠶᠢᠲᠠᠢ ᠺᠯᠤᠨ | ᠰᠠᠭᠠᠯᠢ ᠶᠢᠨ ᠦᠨᠢᠶ᠎ᠡ ᠶᠢ ᠠᠮᠵᠢᠯᠲᠠ ᠲᠠᠢ ᠪᠠᠷ ᠪᠣᠶᠢᠵᠢᠭᠤᠯᠵᠤ᠂ ᠰᠠᠭᠠᠯᠢ ᠶᠢᠨ ᠦᠨᠢᠶ᠎ᠡ ᠶᠢᠨ ᠺᠯᠤᠨ ᠬᠦᠪᠦᠷᠡᠯ ᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠰᠢᠯᠵᠢᠭᠦᠯᠦᠨ ᠤᠷᠭᠤᠭᠤᠯᠬᠤ ᠬᠦᠯᠢᠶᠡᠭᠴᠢ ᠶᠢᠨ ᠵᠢᠷᠮᠦᠰᠦᠯᠡᠯᠲᠡ ᠶᠢᠨ | ᠨᠣᠷᠮ᠎ᠠ ᠵᠡᠷᠭᠡ ᠭᠤᠣᠯ ᠪᠣᠯᠬᠤ ᠮᠡᠷᠭᠡᠵᠢᠯ ᠤᠨ ᠭᠦᠢᠴᠡᠳᠬᠡᠯ ᠲᠤᠭ᠎ᠠ ᠶᠢᠨ ᠰᠢᠪᠲᠤᠯᠤᠯᠲᠠ ᠶᠢᠨ ᠴᠢᠨᠠᠷᠲᠠᠢ ︽ᠴᠢᠨᠠᠷ | ᠰᠠᠶᠢᠲᠠᠢ ᠴᠠᠷᠭᠠᠰᠤ ᠶᠢᠨ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠢᠴᠢ ᠠᠵᠤ ᠦᠢᠯᠡᠰᠵᠢᠭᠦᠯᠦᠭᠰᠡᠨ ᠵᠢᠱᠢᠶ᠎ᠡ | ᠦᠵᠡᠭᠦᠯᠬᠦ︾ ᠲᠥᠷᠥᠯ ᠵᠦᠢᠯ ᠳᠤ᠂ ᠴᠠᠷᠭᠠᠰᠤ ᠶᠢᠨ ᠰᠢᠨ᠎ᠡ ᠡᠭᠦᠯᠳᠡᠷ 1 ᠶᠢ ᠳᠡᠩᠰᠡᠯᠡᠵᠦ ᠬᠢᠨᠠᠨ ᠲᠣᠭᠲᠠᠭᠠᠬᠤ | ᠠᠵᠢᠯ ᠢ ᠨᠢᠭᠡᠨᠲᠡ ᠪᠡᠶᠡᠯᠡᠭᠦᠯᠵᠦ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠡᠭᠦᠯᠳᠡᠷ ᠤᠨ | ᠰᠢᠰᠲ᠋ᠧᠮ ᠢ 3 ᠪᠣᠶᠢᠵᠢᠭᠤᠯᠵᠤ᠂ ︽ ᠵᠦᠩ ᠮᠦ 10 ᠳ᠋ᠤᠭᠠᠷ ᠨᠤᠮᠧᠷ ︾ ᠥᠨᠳᠥᠷ ᠤᠨᠠᠯᠲᠠ ᠲᠠᠢ ᠪᠣᠷᠣ | ᠴᠠᠷᠭᠠᠰᠤ ᠶᠢᠨ ᠰᠢᠨ᠎ᠡ ᠡᠭᠦᠯᠳᠡᠷ ᠢ ᠠᠮᠵᠢᠯᠲᠠ ᠲᠠᠢ ᠪᠠᠷ ᠬᠤᠪᠢᠷᠠᠭᠤᠯᠵᠤ᠂ 1 ᠲᠦᠮᠡ ᠭᠠᠷᠤᠢ ᠮᠦ ᠰᠠᠶᠢᠨ | ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠠᠷᠢᠶ᠎ᠠ ᠶᠢ ᠪᠦᠲᠦᠭᠡᠨ ᠪᠠᠶᠢᠭᠤᠯᠪᠠ᠃ | ᠡᠭᠦᠨ ᠠᠴᠠ ᠭᠠᠳᠠᠨ᠎ᠠ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠬᠡᠷᠡᠭᠵᠢᠭᠦᠯᠦᠯᠲᠡ ᠨᠢ ᠪᠠᠰᠠ ᠨᠢᠭᠡ ᠪᠦᠯᠦᠭ | ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠲᠠᠪᠴᠠᠩ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ᠵᠢᠱᠢᠶᠡᠯᠡᠪᠡᠯ ᠂ ᠮᠧᠩ ᠼᠤᠤ ᠪᠦᠯᠦᠭᠯᠡᠯ ︽ ᠵᠠᠷᠯᠠᠨ | ᠮᠠᠩᠯᠠᠶᠢᠯᠠᠭᠤᠯᠬᠤ ︾ ᠰᠢᠨ᠎ᠡ ᠬᠡᠯᠪᠡᠷᠢ ᠶᠢᠨ ᠲᠣᠭᠲᠠᠴᠠ ᠳᠤ ᠲᠦᠰᠢᠭᠯᠡᠨ ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠂ | ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠠᠷᠪᠠ ᠭᠠᠷᠤᠢ ᠨᠢᠭᠡᠴᠢ ᠲᠠᠢ ᠥᠪᠥᠷ | ᠮᠣᠩᠭᠤᠯ ᠤᠨ ᠡᠪᠡᠰᠦᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠤᠭᠰᠠᠨ | ᠪᠥᠭᠡᠳ ᠡᠭᠦᠨ ᠢᠶᠠᠷ ᠰᠠᠭᠤᠷᠢ ᠪᠣᠯᠭᠠᠨ ᠤᠯᠤᠰ ᠤᠨ ᠪᠠᠷᠢᠮᠵᠢᠶ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ | ᠡᠪᠡᠰᠦᠨ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠪᠠ ︔ ︽ᠨᠡᠷᠡᠨ | ᠬᠤᠸᠠᠷ ᠤᠨ ᠦᠷ᠎ᠡ ᠡᠳ᠋ ᠤᠨ ᠡᠬᠢ ᠪᠠᠶᠠᠯᠢᠭ ᠤᠨ ᠰᠢᠨ᠎ᠡ ᠶᠢ ᠡᠭᠦᠳᠬᠦ ᠵᠢᠴᠢ ᠰᠢᠨ᠎ᠡ ᠡᠭᠦᠯᠳᠡᠷ ᠢ ᠰᠣᠩᠭᠤᠨ | ᠪᠣᠶᠢᠵᠢᠭᠤᠯᠬᠤ︾ ᠲᠥᠷᠥᠯ ᠵᠦᠢᠯ ᠳᠤ ᠲᠦᠰᠢᠭᠯᠡᠨ ᠪᠠᠶᠢᠭᠤᠯᠤᠭᠰᠠᠨ ︽ᠨᠡᠷᠡᠨ ᠬᠤᠸᠠᠷ ᠤᠨ ᠦᠷ᠎ᠡ ᠠᠵᠤ | ᠦᠢᠯᠡᠰ ᠤᠨ ᠦᠢᠯᠡᠳᠪᠦᠷᠢᠯᠡᠨ ᠵᠢᠭᠠᠵᠤ ᠰᠤᠳᠤᠯᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ︾ ᠨᠢ ᠨᠢᠭᠡᠨᠲᠡ | ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠪᠦᠰᠡ ᠣᠷᠣᠨ ᠤ ᠨᠡᠷᠡᠨ ᠬᠤᠸᠠᠷ ᠤᠨ ᠠᠵᠤ ᠦᠢᠯᠡᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠠᠶᠢᠭᠤᠯᠬᠤ ᠶᠢᠨ ᠴᠢᠬᠤᠯᠠ | ᠬᠦᠴᠦᠨ ᠪᠣᠯᠤᠭᠰᠠᠨ ᠪᠠᠶᠢᠨ᠎ᠠ᠃ | 2023 ᠣᠨ ᠳᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠲᠠᠪᠤᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠶᠠᠷ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠂ ᠰᠠᠶᠢᠨ ᠡᠭᠦᠯᠳᠡᠷ ᠤᠨ ᠲᠦᠪᠰᠢᠨ ᠢ ᠳᠡᠭᠡᠭᠰᠢᠯᠡᠭᠦᠯᠬᠦ ᠂ | ᠳᠠᠪᠠᠭᠤᠯᠢᠭ ᠣᠨᠴᠠᠯᠢᠭᠲᠤ ᠡᠭᠦᠯᠳᠡᠷ ᠢ ᠪᠣᠶᠢᠵᠢᠭᠤᠯᠬᠤ ᠭᠤᠷᠪᠠᠨ ᠶᠡᠭᠡ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ ᠃ | ᠡᠨᠡ ᠵᠢᠯ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠮᠥᠩᠭᠦ | ᠲᠣᠬᠢᠷᠠᠭᠤᠯᠵᠤ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠱᠠᠲᠤ ᠦᠶ᠎ᠡ ᠶᠢᠨ ᠴᠢᠨᠠᠷᠲᠠᠢ | ᠰᠢᠯᠭᠠᠨ ᠬᠢᠨᠠᠬᠤ ᠶᠢ ᠴᠢᠩᠭᠠᠳᠬᠠᠬᠤ ᠪᠠᠷ ᠳᠡᠮᠵᠢᠨ᠂ ᠦᠷ᠎ᠡ ᠪᠦᠲᠦᠮᠵᠢ ᠪᠠᠷ ᠢᠯᠡᠳᠲᠡ ᠲᠥᠷᠥᠯ ᠵᠦᠢᠯ ᠢ | ᠬᠡᠷᠡᠭᠵᠢᠭᠦᠯᠬᠦ ᠳᠤ ᠦᠷᠭᠦᠯᠵᠢᠯᠡᠨ ᠳᠡᠮᠵᠢᠯᠭᠡ ᠦᠵᠡᠭᠦᠯᠬᠦ ᠶᠢᠨ ᠬᠠᠮᠲᠤ᠂ ᠣᠨᠴᠠᠯᠢᠭᠲᠤ ᠮᠠᠯ ᠵᠢᠭᠦᠷᠲᠡᠨ᠂ | ᠭᠤᠣᠯᠳᠠᠯᠭ᠎ᠠ ᠲᠠᠢ ᠲᠠᠷᠢᠮᠠᠯ ᠤᠨ ᠬᠦᠷᠢᠶ᠎ᠡ ᠴᠠᠷᠠᠭ᠎ᠠ ᠵᠢᠴᠢ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠤᠭ᠎ᠠ ᠶᠢ | ᠦᠢᠯᠡᠳᠪᠦᠷᠢᠯᠡᠵᠦ ᠪᠣᠯᠪᠠᠰᠤᠷᠠᠭᠤᠯᠬᠤ ᠂ ᠪᠠᠶᠢᠭᠠᠯᠢ ᠶᠢᠨ ᠨᠤᠲᠤᠭ ᠪᠡᠯᠴᠢᠭᠡᠷ ᠢ ᠰᠠᠶᠢᠵᠢᠷᠠᠭᠤᠯᠬᠤ ᠪᠠ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠬᠦᠷᠢᠶ᠎ᠡ ᠴᠠᠷᠠᠭ᠎ᠠ ᠶᠢ ᠤᠯᠠᠮ ᠨᠢᠭᠡ ᠠᠯᠬᠤᠮ ᠬᠠᠮᠤᠷᠴᠤ᠂ | ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢᠨ ᠲᠡᠶᠢᠨ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠨ᠎ᠡ ᠃ ᠡᠭᠦᠨ ᠤ ᠬᠠᠮᠲᠤ᠂ ᠪᠢᠳᠡ ᠪᠠᠰᠠ ︽ᠲᠥᠷᠥᠯ ᠵᠦᠢᠯ᠂ ᠴᠢᠳᠠᠪᠤᠷᠢᠲᠠᠨ᠂ ᠲᠠᠪᠴᠠᠩ︾ ᠵᠡᠷᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠰᠢᠰᠲ᠋ᠧᠮᠵᠢᠭᠦᠯᠦᠨ ᠪᠦᠲᠦᠭᠡᠨ | ᠪᠠᠶᠢᠭᠤᠯᠬᠤ ᠶᠢ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ ᠦᠢᠯᠡᠰ ᠤᠨ ᠬᠦᠷᠢᠶ᠎ᠡ | ᠴᠠᠷᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ | ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ᠄ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ 2023 ᠣᠨ ᠳᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ | ᠲᠣᠭᠲᠠᠭᠤᠨ ᠤ ᠳᠤᠮᠳᠠ ᠰᠢᠯᠢᠳᠡᠭ ᠢ ᠠᠬᠢᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠳᠤ᠂ ᠲᠠᠷᠢᠶᠠᠯᠠᠩ ᠮᠠᠯ ᠠᠵᠤ | ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ᠂ | ᠲᠠᠷᠢᠶᠠᠨ ᠭᠠᠵᠠᠷ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ ᠡᠳ᠋ ᠤᠨ ᠵᠠᠰᠠᠭ ᠠᠴᠠ ᠶᠠᠮᠠᠷ ᠶᠠᠮᠠᠷ | ᠦᠢᠯᠡᠳᠦᠯ ᠭᠠᠷᠭᠠᠭᠰᠠᠨ ᠪᠣᠶ︖ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠵᠠᠩ ᠬᠠᠢ ᠹᠧᠩ᠄ | ᠶᠡᠷᠦᠩᠬᠡᠢ ᠱᠦᠵᠢ ᠰᠢ ᠶᠢᠨ ᠫᠢᠩ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠴᠢᠬᠤᠯᠠᠴᠢᠯᠠᠭᠰᠠᠭᠠᠷ ᠢᠷᠡᠵᠡᠶ᠂ | ᠲᠡᠷᠡ ᠴᠢᠬᠤᠯᠠᠴᠢᠯᠠᠬᠤ ᠳᠠᠭᠠᠨ᠂ ᠳᠤᠮᠳᠠᠳᠤ ᠤᠯᠤᠰ ᠤᠨ ᠬᠥᠮᠥᠨ ᠤ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ | ᠴᠥᠮ ᠥᠪᠡᠷ ᠤᠨ ᠭᠠᠷ ᠲᠠᠭᠠᠨ ᠪᠠᠲᠤ ᠠᠳᠬᠤᠬᠤ ᠬᠡᠷᠡᠭᠲᠡᠢ ᠭᠡᠵᠡᠢ ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠭᠠᠵᠠᠷ ᠰᠢᠷᠣᠢ ᠪᠠᠷ ᠠᠮᠤ ᠪᠤᠳᠠᠭ᠎ᠠ ᠶᠢ ᠪᠠᠲᠤᠯᠠᠬᠤ ᠪᠠᠶᠢᠯᠳᠤᠬᠤ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠴᠢᠬᠤᠯᠠ ᠭᠠᠷᠳᠠᠴᠠ ᠪᠠ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠮᠥᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠣᠯ ᠲᠠᠷᠢᠶᠠᠯᠠᠩ ᠤᠨ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠶᠢᠨ ᠪᠣᠳᠠᠲᠤ ᠬᠡᠷᠡᠭᠴᠡᠭᠡ ᠮᠥᠨ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠳᠤᠮᠳᠠᠬᠢ ᠬᠦᠴᠢᠷ ᠠᠰᠠᠭᠤᠳᠠᠯ ᠵᠢᠴᠢ ᠲᠦᠭᠵᠢᠷᠡᠯ ᠤᠨ ᠴᠡᠭ ᠤᠨ ᠠᠰᠠᠭᠤᠳᠠᠯ ᠳᠤ ᠴᠢᠭᠯᠡᠭᠦᠯᠦᠨ᠂ | ᠡᠳ᠋ ᠤᠨ ᠵᠠᠰᠠᠭ ᠤᠨ ᠲᠢᠩᠬᠢᠮ ᠠᠴᠠ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠵᠠᠷᠤᠯᠭ᠎ᠠ ᠶᠢᠨ ᠠᠬᠢᠴᠠ ᠪᠠᠨ ᠲᠦᠷᠭᠡᠳᠬᠡᠨ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ︽ᠠᠶᠠᠭ᠎ᠠ ᠠᠮᠤ ᠪᠤᠳᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠡᠰᠡᠭ ᠲᠠᠷᠢᠶ᠎ᠠ ᠶᠢ ᠬᠠᠮᠲᠤ ᠪᠠᠷ ᠠᠳᠬᠤᠬᠤ︾ | ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ ᠠᠬᠢᠭᠤᠯᠪᠠ᠃ | ᠨᠢᠭᠡ᠂ ᠳᠦᠷᠢᠮ ᠲᠣᠭᠲᠠᠭᠠᠯ ᠤᠨ ᠵᠢᠷᠤᠮᠵᠢᠭᠤᠯᠬᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠷᠪᠠᠨ ᠨᠢᠭᠡᠨ | ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2022﹈ 72 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠡᠭᠦᠨ ᠤ | ᠬᠠᠮᠲᠤ᠂ ᠡᠳ᠋ ᠤᠨ ᠵᠠᠰᠠᠭ ᠤᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ | ᠡᠮᠬᠢᠯᠡᠨ ᠨᠡᠶᠢᠯᠡᠭᠦᠯᠬᠦ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠨ ᠳᠠᠷᠤᠮᠠᠯᠯᠠᠨ | ᠲᠠᠷᠬᠠᠭᠠᠵᠤ᠂ ᠪᠡᠯᠡ ᠮᠥᠩᠭᠦ ᠶᠢᠨ ᠳᠡᠮᠵᠢᠬᠦ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠨ᠂ ᠲᠣᠰ ᠲᠣᠰ ᠤᠨ | ᠡᠭᠦᠷᠭᠡ ᠴᠢᠳᠠᠪᠤᠷᠢ ᠪᠠᠨ ᠬᠤᠪᠢᠶᠠᠷᠢᠯᠠᠵᠤ᠂ ᠲᠤᠰᠬᠠᠢ ᠪᠡᠯᠡ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠤᠨ᠂ | ᠦᠨᠡᠯᠡᠨ ᠱᠠᠩᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠲᠠᠷᠢᠶᠠᠨ ᠭᠠᠵᠠᠷ ᠢ ᠰᠠᠶᠢᠲᠤᠷ ᠪᠠᠶᠢᠭᠤᠯᠵᠤ᠂ | ᠲᠠᠷᠢᠶᠠᠨ ᠭᠠᠵᠠᠷ ᠢ ᠰᠠᠶᠢᠲᠤᠷ ᠬᠠᠮᠢᠶᠠᠷᠬᠤ︾ ᠬᠠᠷᠠᠯᠲᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ | ᠬᠤᠶᠠᠷ ᠂ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠣᠳᠤᠷᠬᠠᠶᠢᠯᠠᠬᠤ | 2022 ᠣᠨ ᠳᠤ ︽ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠦᠨᠡᠨ | ᠬᠦ ᠴᠢᠩᠭᠠᠳᠬᠠᠵᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ﹇2019﹈ 50 ᠳ᠋ᠤᠭᠠᠷ ᠲᠣᠭᠠᠲᠤ︶ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯ | ᠤᠳᠤᠷᠢᠳᠤᠯᠭ᠎ᠠ ᠶᠢᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠲᠠᠢ | ᠢᠳᠡᠪᠬᠢᠲᠡᠢ ᠬᠠᠮᠵᠢᠯᠴᠠᠨ᠂ 3 ᠰᠠᠷ᠎ᠠ ᠭᠠᠷᠤᠢ ᠶᠢᠨ ᠴᠠᠭ ᠵᠠᠷᠤᠴᠠᠭᠤᠯᠵᠤ᠂ 3 ᠤᠳᠠᠭ᠎ᠠ ᠬᠢᠨᠠᠨ ᠲᠣᠭᠲᠠᠭᠠᠬᠤ᠂ 4 | ᠤᠳᠠᠭ᠎ᠠ ᠵᠠᠰᠠᠪᠤᠷᠢ ᠣᠷᠣᠭᠤᠯᠬᠤ᠂ 4 ᠤᠳᠠᠭ᠎ᠠ ᠲᠡᠷᠢᠭᠦᠯᠡᠭᠴᠢᠳ ᠤᠨ ᠬᠤᠷᠠᠯ ᠢᠶᠠᠷ ᠳᠡᠮᠵᠢᠨ᠂ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ︽ᠨᠡᠶᠢᠲᠡᠯᠢᠭ ᠵᠢᠷᠤᠭ ᠲᠥᠯᠥᠪᠯᠡᠭᠡ︾ ᠶᠢ ᠪᠣᠶ | ᠪᠣᠯᠭᠠᠪᠠ᠃ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠦ ᠪᠦᠷᠢ ᠶᠢᠨ ᠳᠤᠮᠳᠠᠴᠢ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠢ 1800 ᠲᠥᠭᠦᠷᠢᠭ ᠤᠨ ᠤᠰᠤᠯᠠᠯᠲᠠ ᠶᠢᠨ ᠲᠠᠷᠢᠶ᠎ᠠ᠂ 1300 ᠲᠥᠭᠦᠷᠢᠭ ᠤᠨ | ᠬᠠᠭᠤᠷᠠᠢ ᠲᠠᠷᠢᠶ᠎ᠠ ᠪᠣᠯᠭᠠᠬᠤ ᠪᠠᠷ ᠲᠣᠭᠲᠠᠭᠠᠪᠠ᠃ | ᠭᠤᠷᠪᠠ ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢ ᠨᠡᠩ ᠰᠠᠶᠢᠨ ᠴᠢᠩᠭᠠᠳᠬᠠᠬᠤ ᠶᠢᠨ ᠲᠥᠯᠥᠭᠡ᠂ ᠪᠡᠯᠡ ᠮᠥᠩᠭᠦ ᠶᠢ ᠰᠢᠬᠠᠨ ᠡᠵᠡᠯᠡᠵᠦ ᠨᠡᠭᠦᠯᠭᠡᠨ | ᠬᠡᠷᠡᠭᠯᠡᠬᠦ ᠶᠢ ᠰᠡᠷᠭᠡᠶᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ | ᠮᠥᠩᠭᠦ ᠶᠢᠨ ᠲᠠᠯ᠎ᠠ ᠪᠠᠷ ᠬᠢ ᠬᠡᠷᠡᠭᠴᠡᠭᠡ ᠶᠢ ᠪᠦᠲᠦᠮᠵᠢᠲᠡᠢ ᠪᠠᠲᠤᠯᠠᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠶᠢᠨ ᠵᠠᠷᠤᠯᠭ᠎ᠠ ᠶᠢᠨ ᠠᠬᠢᠴᠠ ᠶᠢ | ᠲᠦᠷᠭᠡᠳᠬᠡᠵᠦ᠂ ᠡᠳ᠋ ᠤᠨ ᠵᠠᠰᠠᠭ ᠤᠨ ᠲᠢᠩᠬᠢᠮ ᠠᠴᠠ ᠠᠷᠠᠳ ᠤᠨ ᠪᠠᠩᠬᠢ ᠳᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠪᠡᠯᠡ ᠮᠥᠩᠭᠦ ᠶᠢᠨ ᠲᠠᠩᠰᠠᠨ ᠡᠷᠦᠬᠡ ᠪᠠᠶᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠤᠰᠬᠠᠢ ᠲᠠᠩᠰᠠᠨ | ᠡᠷᠦᠬᠡ ᠪᠠᠷ ᠬᠠᠮᠢᠶᠠᠷᠬᠤ᠂ ᠪᠢᠲᠡᠭᠦᠮᠵᠢᠯᠡᠨ ᠠᠵᠢᠯᠯᠠᠭᠤᠯᠬᠤ᠂ ᠲᠤᠰᠠᠭᠠᠷ ᠰᠢᠯᠵᠢᠭᠦᠯᠦᠨ ᠥᠭᠬᠦ᠂ ᠲᠤᠰᠠᠭᠠᠷ | ᠢᠯᠭᠠᠷᠠᠭᠤᠯᠤᠨ ᠪᠤᠳᠤᠬᠤ᠂ ᠪᠢᠲᠡᠭᠦᠦ ᠬᠠᠮᠢᠶᠠᠷᠤᠯᠲᠠ ᠪᠠᠷ ᠳᠠᠮᠵᠢᠭᠤᠯᠤᠨ᠂ ᠪᠠᠷᠢᠯᠭ᠎ᠠ ᠪᠠᠷᠢᠬᠤ ᠨᠢᠭᠡᠴᠢ ᠶᠢᠨ | ᠪᠠᠷᠢᠯᠭ᠎ᠠ ᠶᠢᠨ ᠵᠣᠭᠤᠰ ᠢ ᠬᠤᠶᠢᠰᠢᠯᠠᠭᠤᠯᠬᠤ ᠦᠭᠡᠢ ᠥᠷᠢᠲᠦᠬᠦ ᠦᠭᠡᠢ᠂ ᠬᠥᠯᠥᠰᠦᠨ ᠠᠵᠢᠯᠴᠢᠨ ᠤ ᠴᠠᠯᠢᠩ ᠢ ᠴᠠᠭ | ᠲᠤᠬᠠᠢ ᠳᠤᠨᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠤᠰᠬᠠᠢ ᠵᠣᠭᠤᠰ ᠢ ᠲᠤᠰᠬᠠᠢ ᠬᠡᠷᠡᠭᠯᠡᠬᠦ ᠬᠠᠮᠢᠶᠠᠷᠤᠯᠲᠠ ᠶᠢᠨ | ᠳᠦᠷᠢᠮ ᠤᠨ ᠪᠠᠲᠤᠯᠠᠭ᠎ᠠ ᠳᠣᠣᠷ᠎ᠠ᠂ 2022 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠦᠢᠯᠡᠰ ᠢ | ᠬᠡᠷᠡᠭᠵᠢᠭᠦᠯᠬᠦ ᠠᠬᠢᠴᠠ ᠪᠣᠯᠣᠨ ᠪᠡᠯᠡ ᠮᠥᠩᠭᠦ ᠲᠥᠯᠥᠬᠦ ᠠᠬᠢᠴᠠ ᠶᠢ ᠴᠥᠮ ᠶᠡᠭᠡ ᠪᠠᠷ ᠳᠡᠭᠡᠭᠰᠢᠯᠡᠭᠦᠯᠵᠦ᠂ ᠨᠠᠩ | ᠣᠯᠠᠨ ᠲᠠᠷᠢᠶᠠᠴᠢᠳ ᠤᠨ ︽ᠵᠣᠭᠤᠰᠤᠨ ᠤᠭᠤᠲᠠ︾ ᠶᠢ ᠲᠠᠰᠤᠷᠠᠯᠲᠠ ᠦᠭᠡᠢ ᠬᠥᠭᠵᠢᠭᠡᠨ ᠪᠠᠳᠠᠷᠠᠭᠤᠯᠵᠤ᠂ | ᠥᠷᠭᠡᠨ ᠣᠯᠠᠨ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠦᠷᠭᠦᠯᠵᠢᠯᠡᠨ ᠳᠠᠶᠢᠴᠢᠯᠠᠪᠠ ᠃ | ᠳᠥᠷᠪᠡ᠂ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ | 2023 ᠣᠨ ᠳᠤ ᠲᠥᠪ ᠠᠴᠠ ᠪᠠᠭᠤᠯᠭᠠᠭᠰᠠᠨ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠡᠭᠦᠷᠭᠡ ᠶᠢᠨ ᠲᠤᠭ᠎ᠠ 395 ᠲᠦᠮᠡᠨ | ᠮᠦ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ 15 ᠳ᠋ᠦᠩᠰᠢᠭᠤᠷ ᠲᠥᠭᠦᠷᠢᠭ ᠤᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ ᠶᠢ ᠤᠷᠢᠳᠴᠢᠯᠠᠨ | ᠪᠠᠭᠤᠯᠭᠠᠵᠤ᠂ 2022 ᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ | ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠦᠬᠦᠨ ᠢ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠪᠠᠷᠢᠮᠵᠢᠶ᠎ᠠ ᠲᠠᠢ᠂ ᠪᠡᠯᠡ ᠮᠥᠩᠭᠦ ᠳᠤ ᠪᠠᠲᠤᠯᠠᠭ᠎ᠠ ᠲᠠᠢ᠂ | ᠬᠠᠮᠢᠶᠠᠷᠤᠯᠲᠠ ᠳᠤ ᠠᠷᠭ᠎ᠠ ᠬᠡᠮᠵᠢᠶ᠎ᠡ ᠲᠠᠢ᠂ ᠲᠠᠷᠢᠶᠠᠴᠢᠳ ᠲᠤ ᠠᠰᠢᠭ ᠬᠦᠷᠲᠡᠭᠡᠬᠦ ᠶᠢ ᠪᠡᠶᠡᠯᠡᠭᠦᠯᠵᠦ᠂ ᠪᠥᠬᠦ | ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠲᠦᠯᠬᠢᠨ | ᠠᠬᠢᠭᠤᠯᠵᠤ᠂ ᠪᠥᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠪᠡ᠃ | ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ᠂ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ︽ ᠦᠪᠦᠷ ᠮᠣᠩᠭᠤᠯ︾ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠶᠢ ᠴᠢᠩᠭᠠᠳᠬᠠᠵᠤ᠂ ᠨᠠᠩ ᠣᠯᠠᠨ ᠰᠠᠶᠢᠨ ᠦᠢᠯᠡᠳᠬᠦᠨ ᠢ ᠰᠠᠶᠢᠨ ᠨᠠᠷᠠᠲᠤ ᠲᠥᠷᠥᠯ | ᠲᠡᠮᠳᠡᠭᠲᠦ ᠪᠣᠯᠭᠠᠨ᠂ ᠶᠡᠭᠡ ᠵᠠᠬ᠎ᠠ ᠳᠡᠯᠭᠡᠭᠦᠷ ᠢ ᠡᠵᠡᠯᠡᠨ᠂ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ | ᠾᠧᠺᠠᠲ᠋ᠤᠷ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ | ᠠᠮᠲᠠ︾ ᠶᠢ ᠤᠯᠠᠮ ᠠᠴᠠ ᠤᠯᠠᠮ ᠬᠠᠩᠭᠢᠨᠠᠲᠠᠯ᠎ᠠ ᠪᠠᠳᠠᠷᠠᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠲᠡᠭᠡᠪᠡᠯ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ︽ᠦᠪᠦᠷ | ᠮᠣᠩᠭᠤᠯ︾ ᠥᠰᠥᠭ ᠤᠨ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢᠨ ᠲᠦᠷᠦᠭᠦᠯᠡᠬᠦ ᠰᠠᠯᠠᠭ᠎ᠠ | ᠮᠥᠴᠢᠷ ᠪᠣᠯᠤᠭᠰᠠᠨ ᠤ ᠬᠤᠪᠢ ᠳᠤ᠂ 2023 ᠣᠨ ᠳᠤ ᠶᠠᠮᠠᠷ ᠰᠢᠨ᠎ᠡ ᠲᠥᠯᠥᠪᠯᠡᠭᠡ ᠪᠠ ᠠᠷᠭ᠎ᠠ ᠬᠡᠮᠵᠢᠶ᠎ᠡ | ᠠᠪᠤᠭᠰᠠᠨ ᠪᠣᠶ︖ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ | ᠳᠠᠷᠤᠭ᠎ᠠ ᠨᠢᠩ ᠶᠦᠨ ᠹᠧᠢ᠄ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠤᠰᠠᠳᠠ᠂ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ | ᠲᠡᠮᠳᠡᠭᠲᠦ ᠶᠢ ᠦᠢᠯᠡᠳᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠷᠪᠠᠨ ᠵᠢᠯ ᠭᠠᠷᠤᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ | ᠳᠡᠮᠵᠢᠨ᠂ ︽ᠦᠪᠦᠷ ᠮᠣᠩᠭᠤᠯ︾ ᠲᠡᠮᠳᠡᠭ ᠤᠨ ᠭᠡᠷᠡᠴᠢᠯᠡᠯ ᠨᠢ ᠨᠢᠭᠡᠨᠲᠡ ᠥᠪᠥᠷ ᠮᠣᠩᠭᠤᠯ ᠤᠨ ᠣᠷᠣᠨ | ᠪᠦᠰᠡ ᠶᠢᠨ ᠣᠨᠴᠠᠯᠢᠭ ᠲᠠᠢ ᠭᠡᠷᠡᠴᠢᠯᠡᠯ ᠤᠨ ᠨᠡᠷᠡᠲᠦ ᠲᠦᠷᠦᠯ ᠲᠡᠮᠳᠡᠭᠲᠦ ᠪᠣᠯᠵᠤ᠂ ᠨᠡᠶᠢᠭᠡᠮ ᠤᠨ ᠡᠯ᠎ᠡ ᠡᠲᠡᠭᠡᠳ ᠪᠠ | ᠥᠷᠭᠡᠨ ᠣᠯᠠᠨ ᠬᠡᠷᠡᠭᠯᠡᠭᠴᠢᠳ ᠤᠨ ᠥᠷᠭᠡᠨ ᠳᠡᠯᠭᠡᠷ ᠠᠩᠬᠠᠷᠤᠯ ᠢ ᠲᠠᠲᠠᠵᠤ᠂ ᠨᠠᠷᠠᠲᠤ ᠲᠥᠷᠥᠯ ᠲᠡᠮᠳᠡᠭᠲᠦ ᠶᠢᠨ | ᠢᠯᠭᠠᠨ ᠲᠠᠨᠢᠬᠤ ᠬᠡᠮᠵᠢᠶ᠎ᠡ᠂ ᠨᠡᠷ᠎ᠡ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠲᠠᠰᠤᠷᠠᠯᠲᠠ ᠦᠭᠡᠢ | ᠳᠡᠭᠡᠭᠰᠢᠯᠡᠵᠦ᠂ ᠦᠨᠡᠮᠯᠡᠯ ᠣᠯᠣᠭᠰᠠᠨ ᠠᠵᠤ ᠠᠬᠤᠶᠢᠯᠠᠯ ᠤᠳ ︽ ᠦᠪᠦᠷ ᠮᠣᠩᠭᠤᠯ︾ ᠲᠡᠮᠳᠡᠭ ᠤᠨ ᠭᠡᠷᠡᠴᠢᠯᠡᠯ ᠤᠨ | ᠨᠠᠷᠠᠲᠤ ᠲᠥᠷᠥᠯ ᠲᠡᠮᠳᠡᠭᠲᠦ ᠶᠢᠨ ᠲᠣᠭᠤᠷᠢᠨ ᠳᠤ ᠤᠯᠠᠮ ᠨᠢᠭᠡ ᠠᠯᠬᠤᠮ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠦᠷᠢᠯᠡᠵᠦ᠂ ᠦᠳᠲᠡᠷ ᠲᠦᠷᠭᠡᠨ ᠢᠶᠠᠷ ᠪᠠᠷᠢᠮᠵᠢᠶᠠᠵᠢᠭᠰᠠᠨ᠂ ᠬᠡᠪᠴᠢᠶᠡᠵᠢᠭᠰᠡᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯᠵᠢᠭᠰᠡᠨ ᠬᠥᠭᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠵᠤ᠂ ᠨᠠᠷᠠᠲᠤ | ᠲᠥᠷᠥᠯ ᠲᠡᠮᠳᠡᠭᠲᠦ ᠶᠢᠨ ᠦᠨ᠎ᠡ ᠥᠰᠬᠦ ᠴᠢᠳᠠᠪᠤᠷᠢ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠢ ᠶᠢᠨ ᠦᠷ᠎ᠡ | ᠠᠰᠢᠭ ᠢᠯᠡᠳᠲᠡ ᠳᠡᠭᠡᠭᠰᠢᠯᠡᠪᠡ᠃ | 2023 ᠣᠨ ᠳᠤ᠂ ᠳᠣᠣᠷᠠᠬᠢ ᠲᠠᠪᠤᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠤ ᠠᠵᠢᠯ ᠢ ᠲᠦᠯᠬᠢᠨ | ᠠᠬᠢᠭᠤᠯᠤᠨ᠎ᠠ᠄ ᠨᠢᠭᠡ ᠳᠤ ︽ ᠦᠪᠦᠷ ᠮᠣᠩᠭᠤᠯ︾ ᠲᠡᠮᠳᠡᠭ ᠤᠨ ᠭᠡᠷᠡᠴᠢᠯᠡᠭᠡ ᠶᠢ ᠲᠦᠯᠬᠢᠨ ᠠᠬᠢᠭᠤᠯᠬᠤ ᠡᠷᠴᠢᠮ ᠢ | ᠴᠢᠩᠭᠠᠷᠠᠭᠤᠯᠵᠤ᠂ ︽ ᠦᠪᠦᠷ ᠮᠣᠩᠭᠤᠯ︾ ᠲᠡᠮᠳᠡᠭ ᠤᠨ ᠭᠡᠷᠡᠴᠢᠯᠡᠭᠡ ᠶᠢᠨ ︽ᠲᠠᠪᠤᠨ ᠶᠡᠭᠡ ᠰᠢᠰᠲ᠋ᠧᠮᠵᠢ︾ ᠶᠢ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ | ᠲᠣᠭᠤᠷᠢᠨ ᠳᠤ᠂ ᠭᠡᠷᠡᠴᠢᠯᠡᠯ ᠤᠨ ᠪᠠᠷᠢᠮᠵᠢᠶ᠎ᠠ ᠶᠢ ᠰᠤᠳᠤᠯᠤᠨ ᠦᠢᠯᠡᠳᠬᠦ ᠶᠢ ᠠᠬᠢᠭᠤᠯᠵᠤ᠂ ᠦᠨᠡᠮᠯᠡᠯ ᠣᠯᠣᠭᠰᠠᠨ | ᠠᠵᠤ ᠠᠬᠤᠶᠢᠯᠠᠯ ᠪᠠ ᠦᠢᠯᠡᠳᠬᠦᠨ ᠤ ᠲᠤᠭ᠎ᠠ ᠬᠡᠮᠵᠢᠶ᠎ᠡ ᠶᠢ ᠥᠷᠭᠡᠳᠬᠡᠨ᠂ ᠡᠨᠡ ᠵᠢᠯ 25 ᠭᠡᠷᠡᠴᠢᠯᠡᠯ ᠤᠨ | ᠪᠠᠷᠢᠮᠵᠢᠶ᠎ᠠ ᠶᠢ ᠰᠤᠳᠤᠯᠤᠨ ᠦᠢᠯᠡᠳᠴᠦ᠂ 150 ᠠᠴᠠ ᠳᠡᠭᠡᠭᠰᠢ ᠠᠵᠤ ᠠᠬᠤᠶᠢᠯᠠᠯ ᠢ ᠪᠣᠶᠢᠵᠢᠭᠤᠯᠵᠤ᠂ ᠦᠨᠡᠮᠯᠡᠯ | ᠣᠯᠣᠭᠰᠠᠨ ᠠᠵᠤ ᠠᠬᠤᠶᠢᠯᠠᠯ ᠢ 45 ᠪᠣᠯᠭᠠᠵᠤ᠂ ᠭᠡᠷᠡᠴᠢᠯᠡᠯ ᠤᠨ ᠦᠢᠯᠡᠳᠬᠦᠨ ᠤ ᠲᠥᠷᠥᠯ ᠵᠦᠢᠯ ᠢ 200 | ᠪᠣᠯᠭᠠᠬᠤ ᠪᠠᠷ ᠲᠥᠯᠥᠪᠯᠡᠵᠦ ᠪᠣᠶ᠃ | ᠬᠤᠶᠠᠷ ᠲᠤ ︽ ᠦᠪᠦᠷ ᠮᠣᠩᠭᠤᠯ︾ ᠲᠡᠮᠳᠡᠭ ᠢᠶᠠᠷ ᠲᠤᠯᠭᠠᠭᠤᠷᠢᠯᠠᠯ ᠪᠣᠯᠭᠠᠵᠤ᠂ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠎ᠠ᠃ ︽ᠰᠢᠯᠢ ᠶᠢᠨ | ᠭᠤᠣᠯ ᠤᠨ ᠬᠤᠨᠢ︾᠂ ︽ᠬᠢᠩᠭᠠᠨ ᠠᠶᠢᠮᠠᠭ ᠤᠨ ᠲᠤᠲᠤᠷᠭ᠎ᠠ︾᠂ ︽ ᠲᠡᠭᠷᠢ ᠶᠢᠨ ᠬᠡᠰᠢᠭᠲᠦ ᠪᠣᠷᠣᠳᠣᠬᠤᠢ︾᠂ | ︽ᠠᠷᠪᠠᠰ ᠢᠮᠠᠭᠠᠨ ᠮᠢᠬ᠎ᠠ︾ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠦᠢᠯᠡᠳᠪᠦᠷᠢᠯᠡᠯ ᠤᠨ ᠠᠵᠤ ᠠᠬᠤᠶᠢᠯᠠᠯ ᠢ ᠶᠡᠬᠡᠪᠡᠷ | ᠪᠣᠶᠢᠵᠢᠭᠤᠯᠤᠨ᠂ ᠦᠢᠯᠡᠳᠬᠦᠨ ᠤ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠭᠡᠷᠡᠴᠢᠯᠡᠯ ᠤᠨ ᠨᠠᠷᠠᠲᠤ | ᠲᠥᠷᠥᠯ ᠲᠡᠮᠳᠡᠭᠲᠦ ᠶᠢᠨ ᠠᠵᠤ ᠦᠢᠯᠡᠰ ᠤᠨ ᠬᠡᠪᠴᠢᠶ᠎ᠡ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ | ᠬᠦᠴᠦᠨ ᠢ ᠪᠣᠶ ᠪᠣᠯᠭᠠᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠵᠢᠴᠢ | ᠳᠠᠪᠠᠭᠤᠯᠢᠭ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠭᠤᠷᠪᠠ ᠳᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠪᠠ ︽ ᠦᠪᠦᠷ ᠮᠣᠩᠭᠤᠯ︾ | ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠲᠥᠪ ᠲᠧᠯᠸᠢᠰ᠂ | ᠥᠪᠥᠷ ᠮᠣᠩᠭᠤᠯ ᠤᠨ ᠲᠧᠯᠸᠢᠰ ᠬᠤᠷᠢᠶ᠎ᠠ᠂ ᠰᠢᠨ᠎ᠡ ᠵᠠᠭᠤᠴᠢᠯᠠᠭᠤᠷ ᠤᠨ ᠲᠠᠪᠴᠠᠩ ᠪᠠ ᠳᠡᠭᠡᠳᠦ ᠬᠤᠷᠳᠤᠴᠠᠲᠤ | ᠲᠡᠮᠦᠷ ᠵᠠᠮ᠂ ᠨᠢᠰᠬᠡᠯ ᠤᠨ ᠪᠠᠭᠤᠳᠠᠯ ᠵᠡᠷᠭᠡ ᠲᠠᠯᠠᠪᠤᠷ ᠢᠶᠠᠷ ᠠᠴᠢᠶᠠᠯᠠᠪᠤᠷᠢ ᠪᠣᠯᠭᠠᠵᠤ᠂ ᠤᠯᠠᠮᠵᠢᠯᠠᠯᠲᠤ ᠵᠠᠭᠤᠴᠢᠯᠠᠭᠤᠷ | ᠬᠢᠭᠡᠳ ᠰᠢᠨ᠎ᠡ ᠵᠠᠭᠤᠴᠢᠯᠠᠭᠤᠷ ᠢ ᠬᠠᠷᠢᠯᠴᠠᠨ ᠤᠶᠠᠯᠳᠤᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ | ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠾᠧᠺᠠᠲ᠋ᠤᠷ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ | ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷ ᠠᠮᠲᠠ︾ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ | ᠲᠥᠷᠬᠦ ᠶᠢ ᠱᠤᠭᠤᠵᠤ᠂ ︽ᠭᠡᠷᠡᠴᠢᠯᠡᠬᠦ ᠪᠠᠷ ᠳᠠᠮᠵᠢᠭᠤᠯᠤᠨ᠂ ᠦᠨᠡᠨ ᠡᠳ᠋ ᠢ ᠰᠣᠩᠭᠤᠬᠤ︾ ︽ ᠦᠪᠦᠷ ᠮᠣᠩᠭᠤᠯ︾ | ᠲᠡᠮᠳᠡᠭ ᠢᠶᠠᠷ ᠭᠡᠷᠡᠴᠢᠯᠡᠬᠦ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ ᠢ ᠪᠣᠶ ᠪᠣᠯᠭᠠᠨ᠎ᠠ᠃ | ᠳᠥᠷᠪᠡ ᠳᠤ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠦᠨᠡᠯᠡᠯᠲᠡ ᠶᠢᠨ ᠰᠢᠰᠲ᠋ᠧᠮᠵᠢ ᠶᠢ ᠰᠤᠳᠤᠯᠵᠤ᠂ ᠥᠪᠥᠷ | ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ︽ᠨᠠᠷᠠᠲᠤ ᠲᠥᠷᠥᠯ ᠲᠡᠮᠳᠡᠭᠲᠦ ᠶᠢᠨ ᠵᠠᠷᠯᠠᠯ︾ ᠢ ᠨᠡᠶᠢᠲᠡᠯᠡᠨ᠎ᠡ᠃ | ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠡᠷᠬᠡ ᠰᠦᠷᠲᠦ ᠰᠠᠯᠠᠭ᠎ᠠ ᠮᠥᠴᠢᠷ ᠪᠠ | ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠥᠪᠥᠷ ᠮᠣᠩᠭᠤᠯ ᠤᠨ ᠣᠨᠴᠠᠯᠢᠭ ᠲᠠᠢ ᠨᠠᠷᠠᠲᠤ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ | ᠨᠠᠷᠠᠲᠤ ᠲᠥᠷᠥᠯ ᠲᠡᠮᠳᠡᠭᠲᠦ ᠶᠢᠨ ᠥᠷᠲᠡᠭ ᠤᠨ ᠦᠨᠡᠯᠡᠯᠲᠡ ᠶᠢ ᠬᠡᠷᠡᠭᠵᠢᠭᠦᠯᠵᠦ᠂ ᠪᠥᠬᠦ ᠤᠯᠤᠰ ᠲᠤ ᠨᠥᠯᠥᠭᠡᠯᠡᠬᠦ | ᠬᠦᠴᠦᠨ ᠲᠠᠢ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ | ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠶᠢ ᠪᠣᠶ ᠪᠣᠯᠭᠠᠨ᠎ᠠ᠃ | ᠲᠠᠪᠤ ᠳᠤ ᠨᠡᠷᠡᠲᠦ ᠲᠦᠷᠦᠯ ᠲᠡᠮᠳᠡᠭᠲᠦ ᠶᠢᠨ ᠬᠠᠤᠯᠢ ᠬᠡᠷᠡᠭᠵᠢᠭᠦᠯᠦᠯᠲᠡ ᠶᠢᠨ ᠬᠠᠮᠠᠭᠠᠯᠠᠯᠲᠠ ᠶᠢ | ᠴᠢᠩᠭᠠᠳᠬᠠᠨ᠎ᠠ ᠃ ︽ ᠦᠪᠦᠷ ᠮᠣᠩᠭᠤᠯ︾ ᠲᠡᠮᠳᠡᠭᠲᠦ ᠦᠨᠡᠮᠯᠡᠯ ᠣᠯᠣᠭᠰᠠᠨ ᠦᠢᠯᠡᠳᠬᠦᠨ ᠤ ᠲᠤᠰᠬᠠᠢ ᠵᠦᠢᠯ ᠢᠶᠠᠷ | ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠣᠷᠴᠢᠨ ᠲᠤᠭᠤᠷᠢᠨ ᠢᠳᠡᠭᠡᠨ ᠡᠮ ᠤᠨ ᠲᠤᠷᠰᠢᠨ ᠪᠠᠶᠢᠴᠠᠭᠠᠬᠤ ᠶᠡᠷᠦᠩᠬᠡᠢ ᠠᠩᠭᠢ᠂ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠲᠤᠰᠬᠠᠢ ᠵᠦᠢᠯ ᠢᠶᠠᠷ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ | ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ | ︽ᠲᠠᠪᠤᠨ ᠶᠡᠭᠡ ᠡᠭᠦᠷᠭᠡ︾ ᠶᠢᠨ ᠶᠣᠰᠣᠭᠠᠷ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ᠂ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠪᠠᠷ ᠳᠠᠶᠢᠴᠢᠯᠠᠯᠲᠠ ᠪᠣᠯᠭᠠᠵᠤ᠂ ᠠᠵᠤ | ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠪᠠᠷ ᠭᠤᠣᠯ ᠴᠣᠭᠴᠠ ᠪᠣᠯᠭᠠᠨ᠂ ᠦᠢᠯᠡᠳᠬᠦᠨ ᠤ ᠨᠠᠷᠠᠲᠤ ᠲᠥᠷᠥᠯ | ᠲᠡᠮᠳᠡᠭᠲᠦ ᠪᠠᠷ ᠰᠠᠭᠤᠷᠢ ᠪᠣᠯᠭᠠᠵᠤ᠂ ︽ ᠦᠪᠦᠷ ᠮᠣᠩᠭᠤᠯ︾ ᠲᠡᠮᠳᠡᠭᠲᠦ ᠪᠠᠷ ᠬᠥᠲᠥᠯᠥᠮᠵᠢ ᠪᠣᠯᠭᠠᠵᠤ᠂ ᠲᠠᠷᠢᠶᠠᠯᠠᠩ | ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ | ᠠᠬᠢᠭᠤᠯᠵᠤ᠂ ᠥᠪᠥᠷ ᠮᠣᠩᠭᠤᠯ ᠤᠨ ᠣᠷᠣᠨ ᠪᠦᠰᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠮᠢ | ᠠᠬᠤᠢ ᠶᠢᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠬᠥᠮᠥᠨ ᠨᠡᠶᠢᠭᠡᠮ ᠤᠨ ᠳᠠᠪᠠᠭᠤᠯᠢᠭ ᠢ ᠦᠨᠡᠨ ᠬᠦ | ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ︽ ᠦᠪᠦᠷ ᠮᠣᠩᠭᠤᠯ︾ ᠲᠡᠮᠳᠡᠭ ᠢ | ᠥᠪᠥᠷ ᠮᠣᠩᠭᠤᠯ ᠤᠨ ᠠᠮᠢ ᠠᠬᠤᠢ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ︽ᠳᠥᠯᠥᠭᠡᠨ ᠤ ᠨᠡᠷ᠎ᠡ ᠦᠭᠡ︾ ᠪᠣᠯᠭᠠᠵᠤ᠂ ︽ᠮᠢᠩᠭᠠᠨ ᠭᠠᠵᠠᠷ ᠤᠨ ᠲᠠᠯ᠎ᠠ ᠨᠤᠲᠤᠭ᠂ | ᠲᠦᠮᠡᠨ ᠾᠧᠺᠠᠲ᠋ᠤᠷ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ | ᠦᠨᠦᠷ ᠠᠮᠲᠠ︾ ᠶᠢ ᠤᠯᠠᠮ ᠠᠴᠠ ᠤᠯᠠᠮ ᠬᠠᠩᠭᠢᠨᠠᠲᠠᠯ᠎ᠠ ᠳᠠᠭᠤᠷᠢᠰᠤᠭᠤᠯᠤᠨ᠎ᠠ ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠭᠴᠢ᠄ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2023 ᠣᠨ ᠳᠤ ᠲᠣᠭᠲᠠᠭᠤᠨ ᠤ ᠳᠤᠮᠳᠠ ᠲᠦᠷᠭᠡᠨ ᠣᠷᠣᠭᠤᠯᠵᠤ | ᠲᠣᠭᠲᠠᠭᠤᠨ ᠤ ᠳᠤᠮᠳᠠ ᠰᠢᠯᠢᠳᠡᠭ ᠣᠷᠣᠭᠤᠯᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠨᠢᠭᠡᠨᠲᠡ ᠨᠡᠶᠢᠲᠡᠯᠡᠪᠡ᠂ | ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠢ ᠲᠡᠳᠬᠦᠨ | ᠪᠤᠵᠠᠭᠠᠶᠢᠷᠠᠭᠤᠯᠬᠤ ᠲᠠᠯ᠎ᠠ ᠪᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠭᠠᠵᠠᠷ ᠤᠨ ᠳᠠᠷᠤᠭ᠎ᠠ ᠶᠠᠩ ᠰᠢᠶᠣᠣ ᠲᠢᠶᠠᠨ᠄ ᠣᠳᠣᠬᠠᠨ ᠳᠤ᠂ | ᠥᠪᠡᠷᠲᠡᠭᠡᠨ ᠵᠠᠰᠠᠬᠤ ᠣᠷᠣᠨ ᠤ ᠴᠠᠭᠠᠨ ᠢᠳᠡᠭᠡ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠤᠨ | ᠬᠥᠭᠵᠢᠯᠲᠡ ᠳᠤ 2 ᠶᠡᠭᠡ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠄ ᠨᠢᠭᠡ ᠳᠤ ᠦᠢᠯᠡᠳᠪᠦᠷᠢᠯᠡᠬᠦ ᠴᠢᠳᠠᠪᠤᠷᠢ ᠶᠢᠨ | ᠢᠯᠭᠠᠷᠠᠭᠤᠯᠤᠯᠳᠠ ᠬᠦᠷᠦᠯᠴᠡᠬᠦ ᠦᠭᠡᠢ᠂ ᠬᠤᠶᠠᠷ ᠲᠤ ᠵᠢᠯ ᠪᠦᠷᠢ ᠶᠢᠨ 3 ︱ 5 ᠰᠠᠷ᠎ᠠ ᠳᠤ ᠲᠦᠭᠦᠬᠡᠢ ᠰᠦ ᠳᠤ | ᠤᠯᠠᠷᠢᠯ ᠤᠨ ᠴᠢᠨᠠᠷᠲᠠᠢ ᠦᠯᠡᠭᠦᠳᠡᠯ ᠭᠠᠷᠴᠤ ᠪᠠᠶᠢᠨ᠎ᠠ᠃ ᠴᠠᠭᠠᠨ ᠢᠳᠡᠭᠡᠨ ᠢ ᠪᠣᠯᠪᠠᠰᠤᠷᠠᠭᠤᠯᠬᠤ ᠳᠠᠭᠠᠭᠤᠯᠤᠭᠴᠢ | ᠠᠵᠤ ᠠᠬᠤᠶᠢᠯᠠᠯ ᠤᠨ ᠰᠤᠯᠠ ᠪᠠᠶᠢᠭ᠎ᠠ ᠦᠢᠯᠡᠳᠪᠦᠷᠢᠯᠡᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠪᠠ | ᠪᠦᠲᠦᠮᠵᠢᠲᠡᠢ ᠠᠰᠢᠭᠯᠠᠬᠤ ᠶᠢ ᠳᠡᠮᠵᠢᠬᠦ ᠶᠢᠨ ᠲᠥᠯᠥᠭᠡ᠂ ᠴᠠᠭᠠᠨ ᠢᠳᠡᠭᠡᠨ ᠢ ᠪᠣᠯᠪᠠᠰᠤᠷᠠᠭᠤᠯᠬᠤ ᠳᠠᠭᠠᠭᠤᠯᠤᠭᠴᠢ | ᠠᠵᠤ ᠠᠬᠤᠶᠢᠯᠠᠯ ᠤᠨ ᠬᠥᠭᠵᠢᠯ ᠦᠭᠡᠢ ᠤᠯᠠᠷᠢᠯ ᠳᠤ ᠲᠦᠭᠦᠬᠡᠢ ᠰᠦᠨ ᠤ ᠲᠠᠯᠬ᠎ᠠ ᠶᠢ ᠴᠠᠭ ᠲᠤᠬᠠᠢ ᠳᠤᠨᠢ | ᠬᠤᠳᠠᠯᠳᠤᠨ ᠠᠪᠬᠤ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠨᠡᠶᠢᠲᠡᠯᠡᠭᠰᠡᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠶᠣᠰᠣᠭᠠᠷ᠂ 2022 ᠣᠨ ᠠᠴᠠ 2025 ᠣᠨ ᠪᠣᠯᠲᠠᠯᠠᠬᠢ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠴᠠᠭᠠᠨ ᠢᠳᠡᠭᠡ ᠪᠣᠯᠪᠠᠰᠤᠷᠠᠭᠤᠯᠬᠤ ᠳᠠᠭᠠᠭᠤᠯᠤᠭᠴᠢ ᠠᠵᠤ | ᠠᠬᠤᠶᠢᠯᠠᠯ ᠤᠨ ᠵᠢᠯ ᠪᠦᠷᠢ ᠶᠢᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠨᠡᠮᠡᠭᠳᠡᠯ ᠤᠨ ᠬᠡᠮᠵᠢᠶ᠎ᠡ ᠳᠤ ᠵᠢᠯ ᠢᠶᠠᠷ | ᠨᠥᠬᠦᠪᠦᠷᠢ ᠮᠦᠭᠭᠦ ᠥᠭᠴᠦ᠂ ᠴᠠᠭᠠᠨ ᠢᠳᠡᠭᠡ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠤᠨ ᠬᠥᠭᠵᠢᠯ | ᠦᠭᠡᠢ ᠤᠯᠠᠷᠢᠯ ᠳᠤ ᠲᠦᠭᠦᠬᠡᠢ ᠰᠢᠨ᠎ᠡ ᠰᠦ ᠶᠢᠨ ᠰᠦᠷᠴᠢᠭᠦᠷ ᠢ ᠴᠠᠭ ᠲᠤᠬᠠᠢ ᠳᠤᠨᠢ ᠬᠤᠳᠠᠯᠳᠤᠨ ᠠᠪᠬᠤ ᠳᠤ | ᠨᠥᠬᠦᠪᠦᠷᠢ ᠣᠯᠭᠤᠨ᠎ᠠ᠃ | ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦᠨ ᠤ ᠪᠣᠯᠪᠠᠰᠤᠷᠠᠭᠤᠯᠤᠯᠲᠠ ᠶᠢᠨ ᠨᠡᠮᠡᠭᠳᠡᠯ ᠤᠨ | ᠨᠥᠬᠦᠪᠦᠷᠢ ᠶᠢᠨ ᠬᠡᠷᠡᠭᠵᠢᠭᠦᠯᠬᠦ ᠨᠠᠷᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠦᠭᠦᠬᠡᠢ ᠰᠢᠨ᠎ᠡ ᠰᠦᠨ ᠶᠢ ᠲᠠᠯᠬᠠᠳᠠᠬᠤ ᠨᠥᠬᠦᠪᠦᠷᠢ ᠦᠭᠬᠦ ᠶᠢᠨ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠪᠠ᠃ | ᠬᠡᠷᠡᠭᠵᠢᠭᠦᠯᠬᠦ ᠨᠠᠷᠢᠨ ᠳᠦᠷᠢᠮ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠳᠤ | ᠴᠢᠭᠯᠡᠭᠦᠯᠦᠨ ᠨᠠᠷᠢᠯᠢᠭᠵᠢᠭᠤᠯᠬᠤ ᠱᠠᠭᠠᠷᠳᠠᠯᠭ᠎ᠠ ᠭᠠᠷᠭᠠᠵᠠᠢ᠄ ᠮᠠᠨ ᠤ ᠣᠷᠣᠨ ᠳᠤ ᠳᠠᠩᠰᠠᠯᠠᠭᠤᠯᠤᠭᠰᠠᠨ᠂ ︽ᠴᠠᠭᠠᠨ | ᠢᠳᠡᠭᠡᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ︾ ᠢ ᠨᠢᠭᠡᠨᠲᠡ ᠣᠯᠣᠭᠰᠠᠨ ᠤᠯᠤᠰ ᠪᠤᠶᠤ | ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ | ᠳᠠᠭᠠᠭᠤᠯᠤᠭᠴᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠵᠦ᠂ ᠬᠡᠰᠡᠭ ᠳᠠᠭᠠᠭᠤᠯᠤᠭᠴᠢ ᠠᠵᠤ ᠠᠬᠤᠶᠢᠯᠠᠯ ᠳᠤ | ᠣᠯᠠᠨ ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠺᠣᠮᠫᠠᠨᠢ ᠣᠷᠣᠰᠢᠵᠤ ᠪᠠᠶᠢᠬᠤ ᠪᠠᠶᠢᠳᠠᠯ ᠢ ᠪᠣᠳᠣᠯᠬᠢᠯᠠᠨ᠂ | ᠬᠤᠪᠢᠶᠠᠷᠢ ᠺᠣᠮᠫᠠᠨᠢ ᠶᠢ ᠴᠤ ᠪᠠᠭᠲᠠᠭᠠᠵᠤ᠂ ᠠᠳᠠᠯᠢ ᠨᠢᠭᠡ ᠠᠶᠢᠮᠠᠭ ᠬᠤᠲᠠ ᠶᠢᠨ ᠣᠷᠣᠨ ᠪᠦᠰᠡ ᠶᠢᠨ ᠳᠣᠲᠣᠷ᠎ᠠ᠂ | ᠠᠳᠠᠯᠢ ᠨᠢᠭᠡ ᠡᠬᠡ ᠺᠣᠮᠫᠠᠨᠢ ᠳᠤ ᠬᠠᠷᠢᠶᠠᠯᠠᠭᠳᠠᠬᠤ ᠣᠯᠠᠨ ᠠᠵᠤ ᠠᠬᠤᠶᠢᠯᠠᠯ ᠨᠢ ᠨᠢᠭᠡ ᠺᠣᠮᠫᠠᠨᠢ ᠶᠢ ᠵᠢᠭᠠᠨ | ᠲᠣᠭᠲᠠᠭᠠᠵᠤ ᠳᠠᠭᠠᠭᠤᠯᠤᠨ ᠨᠡᠶᠢᠯᠡᠭᠦᠯᠵᠦ ᠳᠡᠭᠡᠭᠰᠢ ᠮᠡᠳᠡᠭᠦᠯᠵᠦ ᠪᠣᠯᠣᠨ᠎ᠠ᠂ ᠢᠩᠭᠢᠪᠡᠯ ᠭᠤᠶᠤᠴᠢᠯᠠᠨ ᠮᠡᠳᠡᠭᠦᠯᠬᠦ | ᠲᠠᠰ ᠳᠠᠷᠠᠭᠠᠯᠠᠯ ᠢ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠲᠥᠬᠦᠮ | ᠦᠵᠡᠭᠦᠯᠦᠨ᠎ᠡ᠃ | ᠨᠥᠬᠦᠪᠦᠷᠢ ᠥᠭᠬᠦ ᠲᠡᠰ ᠳᠠᠷᠠᠭᠠᠯᠠᠯ ᠪᠣᠯ ᠮᠡᠳᠡᠭᠦᠯᠦᠭᠰᠡᠨ ᠠᠵᠤ ᠠᠬᠤᠶᠢᠯᠠᠯ ᠤᠨ ᠮᠡᠳᠡᠭᠦᠯᠦᠭᠰᠡᠨ | ᠮᠠᠲ᠋ᠧᠷᠢᠶᠠᠯ ᠢ ᠪᠠᠶᠢᠭ᠎ᠠ ᠬᠤᠰᠢᠭᠤ ᠰᠢᠶᠠᠨ ᠂ ᠠᠶᠢᠮᠠᠭ ᠬᠤᠳᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠰᠠᠯᠠᠭ᠎ᠠ ᠮᠥᠴᠢᠷ ᠢᠶᠠᠷ ᠱᠠᠲᠤ ᠳᠠᠷᠠᠭᠠᠯᠠᠨ ᠬᠢᠨᠠᠭᠤᠯᠤᠭᠰᠠᠨ ᠤ ᠲᠠᠷᠠᠭ᠎ᠠ ᠂ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠳᠤ ᠮᠡᠳᠡᠭᠦᠯᠦᠨ ᠬᠦᠷᠭᠡᠨ᠎ᠡ ᠃ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠨᠢ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠠᠵᠤ | ᠠᠬᠤᠶᠢᠯᠠᠯ ᠤᠨ ᠮᠠᠲ᠋ᠧᠷᠢᠶᠠᠯ ᠢ ᠬᠢᠨᠠᠨ ᠲᠣᠭᠲᠠᠭᠠᠵᠤ ᠦᠨᠡᠮᠰᠢᠬᠦ ᠶᠢᠨ ᠬᠠᠮᠲᠤ ᠦᠨᠡᠮᠰᠢᠭᠰᠡᠨ ᠦᠷ᠎ᠡ ᠳ᠋ᠦᠩ ᠢ ᠢᠯᠡ | ᠨᠡᠶᠢᠲᠡᠯᠡᠵᠦ᠂ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠳᠤ ᠨᠥᠬᠦᠪᠦᠷᠢ ᠪᠡᠯᠡ ᠮᠥᠩᠭᠦ ᠪᠠᠭᠤᠯᠭᠠᠬᠤ ᠪᠠᠷ ᠭᠤᠶᠤᠴᠢᠯᠠᠨ᠎ᠠ᠃ | ᠨᠥᠬᠦᠪᠦᠷᠢ ᠥᠭᠬᠦ ᠪᠠᠷᠢᠮᠵᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠴᠠᠭᠠᠨ ᠢᠳᠡᠭᠡ | ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠤᠨ ᠵᠢᠯ ᠪᠦᠷᠢ ᠶᠢᠨ ᠲᠦᠭᠦᠬᠡᠢ ᠰᠢᠨ᠎ᠡ ᠰᠦ | ᠪᠣᠯᠪᠠᠰᠤᠷᠠᠭᠤᠯᠬᠤ ᠨᠡᠮᠡᠭᠳᠡᠯ ᠤᠨ ᠬᠡᠮᠵᠢᠶ᠎ᠡ ᠳᠤ᠂ ᠨᠥᠬᠦᠪᠦᠷᠢ ᠥᠭᠬᠦ ᠪᠠᠷᠢᠮᠵᠢᠶ᠎ᠠ ᠶᠢ ᠠᠵᠤ ᠠᠬᠤᠶᠢᠯᠠᠯ ᠤᠨ ᠳᠡᠭᠡᠷ᠎ᠡ | ᠵᠢᠯ ᠤᠨ ᠲᠦᠭᠦᠬᠡᠢ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠲᠦᠭᠦᠬᠡᠢ | ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠶᠢ ᠨᠡᠮᠡᠭᠳᠡᠭᠦᠯᠬᠦ ᠪᠦᠷᠢ 200 ᠲᠥᠭᠦᠷᠢᠭ ᠤᠨ ᠨᠥᠬᠦᠪᠦᠷᠢ ᠣᠯᠭᠤᠨ᠎ᠠ︔ | ᠵᠢᠯ ᠪᠦᠷᠢ ᠶᠢᠨ 3 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠲᠦᠭᠦᠬᠡᠢ ᠰᠢᠨ᠎ᠡ ᠰᠦ | ᠬᠤᠳᠠᠯᠳᠤᠨ ᠠᠪᠴᠤ ᠲᠠᠯᠬᠠᠳᠠᠬᠤ ᠳᠤ ᠬᠡᠷᠡᠭᠯᠡᠬᠦ ᠴᠠᠭᠠᠨ ᠢᠳᠡᠭᠡ ᠪᠣᠯᠪᠠᠰᠤᠷᠠᠭᠤᠯᠬᠤ ᠠᠵᠤ ᠠᠬᠤᠶᠢᠯᠠᠯ ᠳᠤ | ᠲᠣᠭᠲᠠᠭᠰᠠᠨ ᠬᠤᠭᠤᠴᠠᠭᠠᠨ ᠳᠣᠲᠣᠷ᠎ᠠ ᠬᠤᠳᠠᠯᠳᠤᠨ ᠠᠪᠤᠭᠰᠠᠨ ᠲᠦᠭᠦᠬᠡᠢ ᠰᠢᠨ᠎ᠡ ᠰᠦ ᠶᠢᠨ ᠲᠤᠭ᠎ᠠ ᠬᠡᠮᠵᠢᠶ᠎ᠡ ᠶᠢᠨ | 10% ᠪᠠᠷ ᠲᠣᠨ ᠪᠦᠷᠢ ᠳᠤ 800 ᠲᠥᠭᠦᠷᠢᠭ ᠤᠨ ᠨᠥᠬᠦᠪᠦᠷᠢ ᠮᠦᠩᠭᠦ ᠣᠯᠭᠤᠨ᠎ᠠ ᠃ ᠨᠥᠬᠦᠪᠦᠷᠢ ᠥᠭᠬᠦ | ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠲᠤᠰ ᠲᠤᠰ | 50% ᠶᠢ ᠡᠭᠦᠷᠭᠡᠯᠡᠨ᠎ᠡ ᠃ | 2022 ᠣᠨ ᠳᠤ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠢᠨ᠎ᠡ ᠰᠦ ᠶᠢ ᠲᠠᠯᠬᠠᠳᠠᠬᠤ | ᠨᠥᠬᠦᠪᠦᠷᠢ ᠶᠢᠨ ᠠᠵᠢᠯ ᠨᠢᠭᠡᠨᠲᠡ ᠳᠠᠭᠤᠰᠴᠤ᠂ ᠨᠡᠶᠢᠲᠡ 14 ᠲᠥᠷᠥᠯ ᠵᠦᠢᠯ ᠤᠨ ᠬᠢᠨᠠᠨ ᠬᠠᠷᠭᠤᠭᠤᠯᠤᠯᠲᠠ ᠳᠤ | ᠬᠢᠷᠢ ᠲᠡᠩᠴᠡᠵᠦ᠂ ᠨᠡᠶᠢᠲᠡ 6025.42 ᠲᠦᠮᠡᠨ ᠲᠥᠭᠦᠷᠢᠭ ᠤᠨ ᠨᠥᠬᠦᠪᠦᠷᠢ ᠶᠢᠨ ᠪᠡᠯᠡ ᠮᠥᠩᠭᠦ ᠶᠢ ᠨᠢᠭᠡᠨᠲᠡ | ᠪᠦᠬᠦᠨ ᠢ ᠪᠣᠳᠠᠲᠠᠶᠢᠵᠢᠭᠤᠯᠪᠠ᠃ | ᠲᠠᠷᠠᠭᠠᠴᠢ ᠶᠢᠨ ᠠᠯᠬᠤᠮ ᠳᠤ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠠᠬᠢᠭᠤᠯᠤᠨ᠎ᠠ᠄ | ᠨᠢᠭᠡ ᠳᠤ ᠣᠶᠢᠷ᠎ᠠ ᠶᠢᠨ ᠬᠤᠭᠤᠴᠠᠭᠠᠨ ᠳᠤ 2022 ᠣᠨ ᠤ ᠥᠪᠡᠷᠲᠡᠭᠡᠨ ᠵᠠᠰᠠᠬᠤ ᠣᠷᠣᠨ ᠤ ᠲᠦᠭᠦᠬᠡᠢ | ᠰᠢᠨ᠎ᠡ ᠰᠦ ᠶᠢᠨ ᠪᠣᠯᠪᠠᠰᠣᠷᠠᠭᠤᠯᠤᠯᠲᠠ ᠶᠢᠨ ᠨᠡᠮᠡᠭᠳᠡᠯ ᠤᠨ ᠨᠥᠬᠦᠪᠦᠷᠢ ᠦᠭᠬᠦ ᠲᠥᠷᠥᠯ ᠵᠦᠢᠯ ᠤᠨ ᠬᠢᠨᠠᠨ | ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠯᠡ ᠮᠥᠩᠭᠦ ᠪᠠᠭᠤᠯᠭᠠᠬᠤ ᠠᠵᠢᠯ ᠢ 2 ᠰᠠᠷ᠎ᠠ ᠶᠢᠨ | ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠲᠥᠯᠥᠪᠯᠡᠵᠦ ᠪᠣᠶ᠃ | ᠬᠤᠶᠠᠷ ᠲᠤ ᠡᠨᠡ ᠵᠢᠯ ᠤᠨ 5 ᠰᠠᠷ᠎ᠠ ᠳᠤ 2023 ᠣᠨ ᠤ ᠥᠪᠡᠷᠲᠡᠭᠡᠨ ᠵᠠᠰᠠᠬᠤ ᠣᠷᠣᠨ ᠤ ᠲᠦᠭᠦᠬᠡᠢ | ᠰᠢᠨ᠎ᠡ ᠰᠦ ᠶᠢ ᠲᠠᠯᠬᠠᠳᠠᠬᠤ ᠨᠥᠬᠦᠪᠦᠷᠢ ᠦᠭᠬᠦ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥᠯ ᠵᠦᠢᠯ ᠢ ᠬᠢᠨᠠᠨ ᠲᠣᠭᠲᠠᠭᠠᠬᠤ ᠵᠢᠴᠢ | ᠪᠡᠯᠡ ᠮᠥᠩᠭᠦ ᠪᠠᠭᠤᠯᠭᠠᠬᠤ ᠠᠵᠢᠯ ᠢ ᠳᠠᠭᠤᠰᠬᠠᠨ᠎ᠠ᠃ | ᠭᠤᠷᠪᠠ ᠳᠤ ᠰᠠᠯᠠᠭ᠎ᠠ ᠮᠥᠴᠢᠷ ᠤᠨ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠠᠮᠲᠤᠷᠠᠭᠰᠠᠨ ᠬᠤᠷᠠᠯ ᠤᠨ ᠲᠣᠭᠲᠠᠴᠠ ᠳᠤ | ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠯᠭᠠᠭᠤᠯᠵᠤ᠂ | ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ | |