ᠣᠶᠢᠷ᠎ᠠ ᠳᠤ᠂ ᠪᠥᠬᠦ ᠤᠯᠤᠰ ᠤᠨ 2022 ᠣᠨ ᠤ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ | ᠤᠷᠤᠯᠳᠤᠭᠠᠨ ᠤ ᠦᠷ᠎ᠡ ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠱᠠᠩᠨᠠᠯ ᠭᠥᠷᠳᠡᠭᠰᠡᠨ ᠲᠤᠭ᠎ᠠ ᠪᠥᠬᠦ | ᠤᠯᠤᠰ ᠤᠨ ᠬᠤᠶᠠᠳᠤᠭᠠᠷ ᠲᠤ ᠣᠷᠣᠪᠠ᠃ ᠮᠠᠨ ᠤ ᠣᠷᠣᠨ ᠤ ᠰᠣᠩᠭᠤᠨ ᠲᠠᠨᠢᠯᠴᠠᠭᠤᠯᠤᠭᠰᠠᠨ 2 ᠰᠢᠷ᠎ᠠ | ᠪᠤᠷᠴᠠᠭ ᠤᠨ ᠥᠨᠳᠥᠷ ᠤᠨᠠᠯᠲᠠ ᠲᠠᠢ ᠭᠠᠵᠠᠷ ︽ᠠᠯᠲᠠᠨ ᠪᠤᠷᠴᠠᠭ ᠤᠨ ᠸᠠᠩ︾ ᠤᠨ ᠴᠣᠯᠠ ᠬᠦᠷᠳᠡᠵᠦ ᠂ 3 | ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠬᠠᠢ | ᠮᠡᠷᠭᠡᠵᠢᠯᠲᠡᠨ ᠪᠥᠬᠦ ᠤᠯᠤᠰ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠤᠷᠤᠯᠳᠤᠭᠠᠨ ᠤ ︽ᠲᠡᠮᠡᠴᠡᠭᠴᠢ︾ | ᠶᠢᠨ ᠴᠣᠯᠠ ᠬᠦᠷᠲᠡᠵᠦ᠂ 4 ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ ︽ᠪᠤᠷᠴᠠᠭ ᠤᠨ ᠤᠳᠤᠨ︾ ᠤ | ᠴᠣᠯᠠ ᠭᠥᠷᠳᠡᠪᠡ᠃ | | | | | ᠭᠤᠣᠯ ᠴᠣᠭᠴᠠ ᠶᠢᠨ ᠭᠤᠶᠤᠴᠢᠯᠠᠯ ᠂ ᠬᠤᠰᠢᠭᠤ ᠰᠢᠶᠠᠨ ᠤ ᠥᠪᠡᠷ ᠤᠨ ᠬᠡᠮᠵᠢᠯᠲᠡ᠂ ᠥᠪᠡᠷᠲᠡᠭᠡᠨ ᠵᠠᠰᠠᠬᠤ | ᠣᠷᠣᠨ ᠤ ᠳᠠᠬᠢᠨ ᠬᠡᠮᠵᠢᠯᠲᠡ᠂ ᠶᠠᠮᠤᠨ ᠤ ᠲᠠᠰ ᠤᠨ ᠰᠤᠭᠤᠴᠢᠨ ᠬᠡᠮᠵᠢᠯᠲᠡ ᠪᠠᠷ ᠳᠡᠮᠵᠢᠨ᠂ ᠮᠠᠨ ᠤ ᠣᠷᠣᠨ ᠤ | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠯᠠᠶᠢᠳ ᠪᠠᠯᠭᠠᠰᠤᠨ ᠤ ᠦ᠋ ᠵᠢᠶᠠ ᠽᠢ ᠲᠣᠰᠬᠤᠨ ᠤ 200 ᠮᠦ | ᠬᠠᠭᠤᠷᠠᠢ ᠪᠠᠷ ᠳᠠᠷᠢᠭᠰᠠᠨ ᠰᠢᠷ᠎ᠠ ᠪᠤᠷᠴᠠᠭ ᠤᠨ ᠮᠦ ᠪᠦᠷᠢ ᠶᠢᠨ ᠤᠨᠠᠯᠲᠠ ᠨᠢ 303.47 ᠺᠢᠯᠣᠭ᠍ᠷᠠᠮ ᠳᠤ ᠬᠦᠷᠴᠦ᠂ | ᠪᠥᠬᠦ ᠤᠯᠤᠰ ᠤᠨ ᠬᠠᠪᠤᠷ ᠤᠨ ᠲᠠᠷᠢᠶᠠᠯᠠᠭ᠎ᠠ ᠶᠢᠨ ︽ᠠᠯᠲᠠᠨ ᠪᠤᠷᠴᠠᠭ ᠤᠨ ᠸᠠᠩ︾ ᠤᠨ 10 ᠶᠡᠭᠡ ᠥᠨᠳᠥᠷ | ᠤᠨᠠᠯᠲᠠ ᠶᠢᠨ ᠨᠡᠶᠢᠲᠡᠯᠢᠭ ᠵᠢᠱᠢᠶ᠎ᠡ ᠶᠢᠨ ᠵᠢᠷᠭᠤᠳᠤᠭᠠᠷ ᠲᠤ ᠣᠷᠣᠵᠤ᠂ ᠡᠭᠦᠨ ᠤ ᠬᠠᠮᠲᠤ ᠥᠪᠥᠷ ᠮᠣᠩᠭᠤᠯ ᠤᠨ | ᠬᠠᠭᠤᠷᠠᠢ ᠪᠠᠷ ᠳᠠᠷᠢᠭᠰᠠᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠡᠮᠳᠡᠭᠯᠡᠯ ᠢ ᠡᠭᠦᠳᠪᠡ᠃ ᠪᠤᠭᠤᠲᠤ | ᠬᠤᠳᠠ ᠶᠢᠨ ᠵᠢᠤᠶᠤᠸᠠᠨ ᠲᠣᠭᠤᠷᠢᠭ ᠤᠨ ᠬᠠ ᠶᠧ ᠭᠤᠳᠤᠮᠵᠢ ᠶᠢᠨ ᠯᠢ ᠭᠤᠸᠠᠩ ᠡᠾᠧᠩ ᠲᠣᠰᠬᠤᠨ ᠤ 240 ᠮᠦ | ᠰᠢᠷ᠎ᠠ ᠪᠤᠷᠴᠠᠭ ᠪᠠ ᠡᠷᠳᠡᠨᠢ ᠰᠢᠰᠢ ᠶᠢᠨ ᠪᠦᠰᠡᠯᠢᠭ ᠬᠡᠯᠪᠡᠷᠢᠲᠠᠢ ᠰᠣᠯᠢᠪᠴᠠᠯ ᠲᠠᠷᠢᠶᠠᠯᠠᠭ᠎ᠠ ᠶᠢᠨ ᠲᠠᠷᠢᠶᠠᠨ ᠤ ᠮᠦ | ᠪᠦᠷᠢ ᠶᠢᠨ ᠰᠢᠷ᠎ᠠ ᠪᠣᠷᠴᠠᠭ ᠤᠨ ᠤᠨᠠᠯᠲᠠ ᠨᠢ 128.8 ᠺᠢᠯᠣᠭ᠍ᠷᠠᠮ ᠂ ᠡᠷᠳᠡᠨᠢ ᠰᠢᠰᠢ ᠶᠢᠨ ᠤᠨᠠᠯᠲᠠ ᠨᠢ | 802.44 ᠺᠢᠯᠣᠭ᠍ᠷᠠᠮ ᠳᠤ ᠬᠦᠷᠴᠦ ᠂ ᠪᠦᠬᠦ ᠤᠯᠤᠰ ᠤᠨ ᠰᠣᠯᠢᠪᠴᠠᠯ ᠲᠠᠷᠢᠶᠠᠯᠠᠭ᠎ᠠ ᠶᠢᠨ ︽ ᠠᠯᠲᠠᠨ ᠪᠤᠷᠴᠠᠭ ᠤᠨ | ᠸᠠᠩ ︾ ᠤᠨ 10 ᠶᠡᠭᠡ ᠥᠨᠳᠥᠷ ᠤᠨᠠᠯᠲᠠ ᠲᠠᠢ ᠨᠡᠶᠢᠲᠡᠯᠢᠭ ᠵᠢᠱᠢᠶ᠎ᠡ ᠶᠢᠨ ᠠᠷᠪᠠᠳᠤᠭᠠᠷ ᠲᠤ ᠣᠷᠣᠪᠠ ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠪᠦᠦ ᠯᠢ | ᠬᠤᠸᠠ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠤᠨ ᠰᠦᠨ ᠪᠢᠨ ᠴᠧᠩ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ᠤᠨ ᠳ᠋ᠢᠩ ᠰᠦ᠋ ᠷᠦᠩ ᠭᠤᠷᠪᠠᠭᠤᠯᠠ ᠪᠥᠬᠦ ᠤᠯᠤᠰ ᠤᠨ ᠰᠢᠷ᠎ᠠ ᠪᠤᠷᠴᠠᠭ ᠤᠨ | ᠥᠨᠳᠥᠷ ᠤᠨᠠᠯᠲᠠ ᠶᠢᠨ ᠤᠷᠤᠯᠳᠤᠭᠠᠨ ᠤ ︽ᠲᠡᠮᠡᠴᠡᠭᠴᠢ︾ ᠶᠢᠨ ᠴᠣᠯᠠ ᠶᠢ ᠭᠥᠷᠳᠡᠪᠡ᠃ ᠪᠤᠭᠤᠲᠤ ᠬᠤᠳᠠ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠭᠠᠵᠠᠷ ᠤᠨ ᠸᠠᠩ | ᠯᠢᠶᠠᠩ ᠮᠢᠩ ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠲᠠᠷᠢᠶᠠᠯᠠᠩ ᠤᠨ | ᠮᠡᠷᠭᠡᠵᠢᠯ ᠳᠡᠯᠭᠡᠷᠡᠭᠦᠯᠬᠦ ᠲᠥᠪ ᠤᠨ ᠵᠠᠩ ᠫᠧᠩ᠂ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠣᠯᠣᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠢᠦᠢ ᠴᠠᠩ ᠱᠧᠩ ᠂ | ᠠᠷᠤᠨ ᠬᠤᠰᠢᠭᠤᠨ ᠤ ᠲᠠᠷᠢᠶᠠᠯᠠᠩ ᠤᠨ ᠦᠢᠯᠡᠰ ᠤᠨ ᠬᠥᠭᠵᠢᠯᠲᠡ ᠶᠢᠨ ᠲᠥᠪ ᠤᠨ ᠭᠤᠤ ᠯᠢ ᠳ᠋ᠠᠨ ᠵᠡᠷᠭᠡ 4 | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯᠲᠡᠨ ᠪᠦᠬᠦ ᠤᠯᠤᠰ ᠤᠨ ᠰᠢᠷ᠎ᠠ ᠪᠤᠷᠴᠠᠭ ᠤᠨ ᠥᠨᠳᠥᠷ | ᠤᠨᠠᠯᠲᠠ ᠶᠢᠨ ᠤᠷᠤᠯᠳᠤᠭᠠᠨ ᠤ ︽ ᠪᠤᠷᠴᠠᠭ ᠤᠨ ᠤᠳᠤᠨ ︾ ᠤ ᠴᠣᠯᠠ ᠶᠢ ᠬᠦᠷᠲᠡᠵᠡᠢ ᠃ | | | | | 2022 ᠣᠨ ᠳᠤ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠳᠠᠯᠳᠠ ᠬᠦᠴᠦᠨ ᠢ | ᠭᠦᠢᠴᠡᠳ ᠠᠭᠤᠳᠠᠯᠬᠤ ᠶᠢᠨ ᠲᠥᠯᠥᠭᠡ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠪᠥᠬᠦ ᠤᠯᠤᠰ ᠤᠨ | ᠬᠡᠪᠴᠢᠶᠡᠨ ᠳᠤ ᠪᠥᠬᠦ ᠤᠯᠤᠰ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠤᠷᠤᠯᠳᠤᠭᠠᠨ ᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ | ᠶᠡᠭᠡ ᠬᠡᠪᠴᠢᠶ᠎ᠡ ᠪᠠᠷ ᠲᠡᠩᠴᠡᠭᠦᠷᠢᠲᠡᠢ ᠬᠤᠷᠢᠶᠠᠯᠲᠠ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠪᠠ᠃ ᠮᠠᠨ ᠤ ᠣᠷᠣᠨ | ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ | ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠡᠯ᠎ᠡ ᠭᠠᠵᠠᠷ ᠤᠨ ᠬᠢᠨ ᠢ ᠢᠳᠡᠪᠬᠢᠲᠡᠢ | ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠤᠯᠴᠠᠭᠤᠯᠪᠠ ᠃ ᠨᠢᠭᠡ ᠳᠤ ᠲᠤᠰᠬᠠᠢ ᠮᠡᠷᠭᠡᠵᠢᠯᠲᠡᠨ ᠤ ᠵᠢᠯᠤᠭᠤᠳᠬᠤ | ᠪᠦᠯᠬᠦᠮ ᠤᠨ ᠦᠢᠯᠡᠳᠦᠯ ᠢ ᠪᠠᠳᠠᠷᠠᠭᠤᠯᠵᠤ ᠂ ᠬᠠᠪᠤᠷ ᠤᠨ ᠤᠯᠠᠷᠢᠯ ᠳᠤ ᠲᠠᠷᠢᠶᠠᠯᠠᠩ ᠤᠨ ᠮᠡᠷᠭᠡᠵᠢᠯ ᠳᠡᠯᠭᠡᠷᠡᠭᠦᠯᠬᠦ | ᠲᠤᠰᠬᠠᠢ ᠮᠡᠷᠭᠡᠵᠢᠯᠲᠡᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠂ ᠲᠠᠷᠢᠵᠤ ᠪᠣᠶᠢᠵᠢᠭᠤᠯᠬᠤ ᠂ ᠦᠷ᠎ᠡ ᠂ | ᠤᠷᠭᠤᠮᠠᠯ ᠤᠨ ᠬᠠᠮᠠᠭᠠᠯᠠᠯᠲᠠ ᠂ ᠬᠦᠷᠦᠰᠦ ᠰᠢᠷᠣᠢ ᠶᠢᠨ ᠪᠣᠷᠳᠣᠭᠤᠷ ᠂ ᠲᠠᠷᠢᠶᠠᠯᠠᠩ ᠤᠨ ᠮᠠᠰᠢᠨ ᠵᠡᠷᠭᠡ ᠬᠦᠷᠢᠶ᠎ᠡ | ᠴᠠᠷᠠᠭ᠎ᠠ ᠶᠢ ᠬᠠᠮᠤᠷᠤᠭᠰᠠᠨ ᠲᠤᠰᠬᠠᠢ ᠮᠡᠷᠭᠡᠵᠢᠯᠲᠡᠨ ᠤ ᠵᠢᠯᠤᠭᠤᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠂ ᠪᠦᠬᠦ | ᠶᠠᠪᠤᠴᠠ ᠂ ᠪᠦᠬᠦ ᠭᠤᠭᠴᠤᠭ᠎ᠠ ᠳᠤ ᠵᠢᠯᠣᠭᠤᠳᠤᠯᠭ᠎ᠠ ᠥᠷᠨᠢᠭᠦᠯᠵᠦ ᠂ ᠲᠤᠬᠠᠢ ᠶᠢᠨ ᠭᠠᠵᠠᠷ ᠲᠤᠨᠢ ᠤᠨᠠᠯᠲᠠ ᠶᠢ | ᠬᠡᠮᠵᠢᠨ ᠰᠢᠯᠭᠠᠨ ᠠᠪᠴᠤ ᠂ ᠥᠨᠳᠥᠷ ᠤᠨᠠᠯᠲᠠ ᠲᠠᠢ ᠲᠠᠷᠢᠵᠤ ᠪᠣᠶᠢᠵᠢᠭᠤᠯᠬᠤ ᠮᠡᠷᠭᠡᠵᠢᠯ ᠤᠨ ᠵᠠᠭᠪᠤᠷ ᠢ ᠳ᠋ᠦᠩᠨᠡᠵᠡᠢ ᠃ | ᠬᠤᠶᠠᠷ ᠲᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠳᠠᠯᠳᠠ ᠬᠦᠴᠦᠨ ᠢ ᠠᠭᠤᠳᠠᠯᠵᠤ᠂ | ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠠᠵᠢᠯᠯᠠᠭ᠎ᠠ ᠪᠠ ᠴᠢᠨᠠᠷ ᠰᠠᠶᠢᠲᠠᠢ ᠥᠨᠳᠥᠷ ᠦᠷ᠎ᠡ | ᠠᠰᠢᠭ ᠲᠠᠢ ᠠᠮᠤ ᠪᠤᠳᠠᠭ᠎ᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠪᠥᠬᠦ | ᠣᠷᠣᠨ ᠳᠤ ᠰᠢᠷ᠎ᠠ ᠪᠤᠷᠴᠠᠭ ᠤᠨ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠢᠱᠢᠶ᠎ᠡ ᠦᠵᠡᠭᠦᠯᠬᠦ | ᠣᠷᠣᠨ ᠢ 225 ᠪᠠᠶᠢᠭᠤᠯᠵᠤ᠂ ᠶᠡᠷᠦᠩᠬᠡᠢ ᠲᠠᠯᠠᠪᠠᠶ ᠨᠢ 8.9 ᠲᠦᠮᠡᠨ ᠮᠦ ᠳᠤ ᠬᠦᠷᠴᠦ᠂ ᠡᠭᠦᠨ ᠳᠤ ᠮᠢᠩᠭᠠᠨ | ᠮᠦ ᠶᠢᠨ ᠵᠢᠱᠢᠶ᠎ᠡ ᠦᠵᠡᠭᠦᠯᠬᠦ ᠬᠡᠰᠡᠭ 73 ᠪᠠᠶᠢᠵᠤ᠂ ᠲᠤᠬᠠᠢ ᠶᠢᠨ ᠭᠠᠵᠠᠷ ᠤᠨ ᠬᠢ ᠠᠴᠠ 5.3% ᠣᠷᠴᠢᠮ | ᠨᠡᠮᠡᠭᠳᠡᠪᠡ︔ ᠵᠠᠭᠤᠨ ᠮᠦ ᠶᠢᠨ ᠵᠢᠱᠢᠶ᠎ᠡ ᠦᠵᠡᠭᠦᠯᠬᠦ ᠣᠷᠣᠨ 152 ᠪᠠᠶᠢᠵᠤ᠂ ᠲᠤᠬᠠᠢ ᠶᠢᠨ ᠭᠠᠵᠠᠷ ᠤᠨ ᠬᠢ ᠠᠴᠠ | 11.2% ᠢᠶᠠᠷ ᠨᠡᠮᠡᠭᠳᠡᠵᠦ᠂ ᠮᠠᠨ ᠤ ᠣᠷᠣᠨ ᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ | ᠬᠡᠮᠵᠢᠶ᠎ᠡ ᠶᠢ ᠶᠡᠷᠦᠩᠬᠡᠢ ᠳᠡᠭᠡᠨ 16.2 ᠵᠢᠩ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 6.4% ᠳᠤ ᠬᠦᠷᠦᠭᠦᠯᠪᠡ᠃ | ᠭᠤᠷᠪᠠ ᠳᠤ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠬᠤᠷᠠᠮᠳᠤᠭᠤᠯᠵᠤ᠂ | ᠤᠷᠤᠯᠳᠤᠭᠠᠨ ᠤ ᠬᠡᠯᠪᠡᠷᠢ ᠪᠠᠷ ᠰᠢᠷ᠎ᠠ ᠪᠤᠷᠴᠠᠭ ᠤᠨ ᠰᠢᠨ᠎ᠡ ᠲᠥᠷᠥᠯ ᠵᠦᠢᠯ᠂ ᠰᠢᠨ᠎ᠡ ᠮᠡᠷᠭᠡᠵᠢᠯ ᠢ ᠳᠡᠯᠭᠡᠨ | ᠦᠵᠡᠭᠦᠯᠵᠦ᠂ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠶᠢᠵᠢᠭᠤᠯᠬᠤ ᠨᠤᠷᠮ᠎ᠠ ᠪᠣᠯᠣᠨ ᠪᠦᠷᠬᠦᠴᠡ ᠶᠢᠨ ᠬᠡᠪᠴᠢᠶ᠎ᠡ ᠶᠢ | ᠳᠡᠭᠡᠭᠰᠢᠯᠡᠭᠦᠯᠵᠦ ᠂ ᠦᠢᠯᠡᠳᠪᠦᠷᠢᠯᠡᠯ ᠤᠨ ᠳᠤᠮᠳᠠᠬᠢ ᠮᠡᠷᠭᠡᠵᠢᠯ ᠤᠨ ᠪᠣᠭᠤᠮᠢ ᠪᠣᠯᠣᠨ ᠬᠢᠵᠠᠭᠠᠷᠯᠠᠬᠤ ᠡᠯᠧᠮᠧᠨ᠋ᠲ ᠢ | ᠲᠠᠶᠢᠯᠵᠤ ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ | ᠮᠡᠷᠭᠡᠵᠢᠯ ᠤᠨ ᠵᠠᠭᠪᠤᠷ ᠢ ᠬᠤᠷᠠᠮᠳᠤᠭᠤᠯᠵᠤ ᠂ ᠳ᠋ᠦᠩᠨᠡᠵᠦ ᠭᠠᠷᠭᠠᠭᠰᠠᠨ ᠰᠢᠷ᠎ᠠ ᠪᠤᠷᠴᠠᠭ ᠤᠨ ᠳᠠᠯᠠᠩ ᠢ ᠨᠢᠭᠲᠠ | ᠳᠠᠷᠢᠵᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ 2022 ᠣᠨ ᠤ ᠳᠤᠮᠳᠠᠳᠤ ᠤᠯᠤᠰ ᠤᠨ | ᠲᠠᠷᠢᠶᠠᠯᠠᠩ ᠬᠥᠳᠡᠭᠡ ᠲᠣᠰᠬᠤᠨ ᠤ 10 ᠴᠢᠬᠤᠯᠠ ᠶᠡᠭᠡ ᠰᠢᠨ᠎ᠡ ᠮᠡᠷᠭᠡᠵᠢᠯ ᠳᠤ ᠣᠷᠣᠭᠤᠯᠵᠤ ᠂ ᠰᠢᠷ᠎ᠠ ᠪᠤᠷᠴᠠᠭ ᠤᠨ | ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠤᠨ ᠲᠦᠪᠰᠢᠨ ᠢ ᠪᠦᠲᠦᠮᠵᠢᠲᠡᠢ | ᠳᠡᠭᠡᠭᠰᠢᠯᠡᠭᠦᠯᠵᠡᠢ ᠃ | |