2 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠢᠭᠡᠳ ᠮᠧᠩ ᠼᠤᠤ ᠪᠦᠯᠦᠭᠯᠡᠯ ︽ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠮᠧᠩ ᠼᠤᠤ | ᠪᠦᠯᠦᠭᠯᠡᠯ ᠤᠨ ᠲᠡᠵᠢᠭᠡᠯ ᠡᠪᠡᠰᠦ ᠪᠣᠷᠳᠤᠭᠠᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠰᠠᠨᠠᠭᠤᠯᠤᠮᠵᠢ︾ ᠳᠤ | ᠭᠠᠷ ᠤᠨ ᠥᠰᠥᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠂ ᠮᠧᠩ ᠼᠤᠤ ᠦᠷ᠎ᠡ ᠶᠢᠨ | ᠦᠢᠯᠡᠰ ᠤᠨ ᠰᠢᠨ᠎ᠡ ᠶᠢ ᠡᠭᠦᠳᠬᠦ ᠲᠥᠪ ᠲᠤ ᠬᠦᠷᠴᠦ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ | ᠬᠢᠭᠰᠡᠨ ᠪᠥᠭᠡᠳ ᠰᠠᠨᠠᠭᠤᠯᠤᠮᠵᠢ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃ ᠭᠡᠷ᠎ᠡ | ᠲᠣᠭᠲᠠᠭᠰᠠᠨ ᠤ ᠲᠠᠷᠠᠭ᠎ᠠ ᠂ ᠬᠤᠶᠠᠷ ᠲᠠᠯ᠎ᠠ ᠪᠠᠷ ᠢᠶᠠᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ | ᠭᠦᠸᠧ ᠵᠠᠨ ᠵᠢᠶᠠᠩ ᠵᠢᠭᠠᠵᠤ ᠭᠠᠷᠭᠠᠭᠰᠠᠨ ᠨᠢ᠂ ᠲᠡᠵᠢᠭᠡᠯ ᠡᠪᠡᠰᠦ ᠪᠣᠷᠳᠤᠭ᠎ᠠ ᠪᠣᠯ ᠮᠠᠯ ᠠᠵᠤ ᠠᠬᠤᠢ ᠶᠢᠨ | ᠬᠥᠭᠵᠢᠯᠲᠡ ᠶᠢᠨ ᠰᠠᠭᠤᠷᠢ ᠮᠥᠨ᠂ ︽ᠨᠢᠭᠡ ᠴᠣᠮᠣ ᠰᠦ ︾ ᠂ ︽ᠨᠢᠭᠡ ᠡᠮᠬᠦ ᠮᠢᠬ᠎ᠠ︾ ᠨᠢ ᠴᠥᠮ ︽ᠨᠢᠭᠡ | ᠰᠢᠷᠬᠢᠭ ᠡᠪᠡᠰᠦ︾ ᠠᠴᠠ ᠰᠠᠯᠵᠤ ᠴᠢᠳᠠᠬᠤ ᠦᠭᠡᠢ᠂ ᠬᠠᠷᠢᠨ ᠲᠡᠵᠢᠭᠡᠯ ᠡᠪᠡᠰᠦ ᠪᠣᠷᠳᠤᠭᠠᠨ ᠤ ᠠᠵᠤ ᠦᠢᠯᠡᠰ ᠤᠨ | ᠬᠥᠭᠵᠢᠯᠲᠡ ᠨᠢ ᠨᠠᠩ ᠴᠤ ᠳᠠᠭᠠᠭᠤᠯᠤᠭᠴᠢ ᠠᠵᠤ ᠠᠬᠤᠶᠢᠯᠠᠯ ᠤᠨ ᠳᠠᠭᠠᠭᠤᠯᠭ᠎ᠠ ᠠᠴᠠ ᠰᠠᠯᠵᠤ ᠴᠢᠳᠠᠬᠤ ᠦᠭᠡᠢ | ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠵᠢᠯ ᠪᠥᠬᠦ ᠣᠷᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ | ᠶᠡᠭᠡ ᠬᠤᠷᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠵᠢᠴᠢ ᠠᠷᠠᠳ ᠤᠨ ᠬᠤᠳᠠᠯᠳᠤᠭᠠᠴᠢᠳ ᠤᠨ | ᠡᠪᠯᠡᠯ ᠤᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠳᠠᠭᠠᠭᠤᠯᠤᠭᠴᠢ ᠠᠵᠤ | ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ ᠡᠨᠡ | ᠤᠳᠠᠭ᠎ᠠ ᠮᠧᠩ ᠼᠤᠤ ᠪᠦᠯᠦᠭᠯᠡᠯ ᠲᠠᠢ ᠰᠠᠨᠠᠭᠤᠯᠤᠮᠵᠢ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠨᠢ ᠳᠠᠷᠤᠢ | ᠦᠢᠯᠡᠴᠢᠯᠡᠭᠡᠨ ᠤ ᠠᠵᠢᠯ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠪᠣᠳᠠᠲᠠᠢ | ᠠᠰᠠᠭᠤᠳᠠᠯ ᠢ ᠨᠢ ᠰᠢᠢᠳᠪᠦᠷᠢᠯᠡᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ ᠭᠡᠪᠡ ᠃ | ᠭᠦᠸᠧ ᠵᠠᠨ ᠵᠢᠶᠠᠩ ᠴᠢᠬᠤᠯᠠᠴᠢᠯᠠᠬᠤ ᠳᠤ ᠪᠠᠨ ᠂ ᠡᠪᠡᠰᠦᠨ ᠦᠷ᠎ᠡ ᠶᠢᠨ ᠦᠢᠯᠡᠰ ᠪᠣᠯ ᠤᠯᠤᠰ ᠤᠨ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠰᠠᠭᠤᠷᠢ ᠴᠢᠨᠠᠷᠲᠠᠢ ᠠᠵᠤ ᠦᠢᠯᠡᠰ ᠪᠣᠯᠣᠨ᠎ᠠ᠂ ᠦᠷ᠎ᠡ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠵᠡᠯ ᠰᠠᠨᠠᠭ᠎ᠠ ᠪᠠᠨ | ᠴᠢᠯᠦᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠰᠢᠪᠲᠤᠯᠤᠯᠲᠠ ᠬᠢᠵᠦ᠂ ᠵᠣᠷᠢᠭ ᠰᠢᠭᠤᠳᠤᠨ | ᠨᠢᠭᠡ ᠪᠦᠯᠦᠭ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠵᠦ᠂ ᠨᠢᠭᠡ ᠪᠦᠯᠦᠭ ᠶᠡᠷᠦᠩᠬᠡᠶᠢᠯᠡᠭᠰᠡᠨ ᠴᠢᠨᠠᠷᠲᠠᠢ | ᠰᠢᠯᠢᠳᠡᠭ ᠰᠠᠶᠢᠨ ᠭᠤᠣᠯ ᠪᠣᠯᠬᠤ ᠡᠪᠡᠰᠦᠨ ᠦᠷ᠎ᠡ ᠶᠢ ᠪᠣᠶᠢᠵᠢᠭᠤᠯᠬᠤ ᠶᠢᠨ ᠬᠠᠮᠲᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠰᠠᠶᠢᠲᠤᠷ ᠬᠢᠵᠦ᠂ ᠰᠠᠶᠢᠨ ᠡᠭᠦᠯᠳᠡᠷ ᠢ ᠲᠤᠷᠰᠢᠯᠲᠠ ᠶᠢᠨ | ᠲᠠᠰᠤᠭ ᠠᠴᠠ ᠡᠬᠡ ᠭᠠᠵᠠᠷ ᠲᠤ ᠳᠡᠯᠭᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠡᠬᠢ ᠪᠠᠶᠠᠯᠢᠭ ᠢ ᠬᠠᠮᠲᠤᠪᠠᠷ | ᠡᠳ᠋ᠯᠡᠵᠦ᠂ ᠮᠧᠩ ᠼᠤᠤ ᠪᠦᠯᠦᠭᠯᠡᠯ ᠢ ᠢᠳᠡᠪᠬᠢᠲᠡᠢ ᠪᠠᠷ ᠬᠠᠪᠰᠤᠷᠤᠨ ᠤᠯᠤᠰ ᠲᠤ ᠪᠠᠨ ᠦᠢᠯᠡᠳᠪᠦᠷᠢᠯᠡᠭᠰᠡᠨ ᠰᠠᠶᠢᠨ | ᠦᠷ᠎ᠡ ᠶᠢ ᠳᠡᠯᠭᠡᠷᠡᠭᠦᠯᠦᠨ ᠬᠡᠷᠡᠭᠯᠡᠬᠦ ᠠᠯᠬᠤᠴᠠ ᠶᠢ ᠲᠦᠷᠭᠡᠳᠭᠡᠬᠦ ᠭᠡᠷᠡᠭᠲᠡᠢ ᠃ ᠲᠣᠮᠣ ᠢᠳᠡᠭᠡᠨ ᠤ ᠦᠵᠡᠯᠲᠡ ᠶᠢ | ᠪᠠᠲᠤ ᠪᠠᠬᠢ ᠪᠣᠶ ᠪᠣᠯᠭᠠᠵᠤ᠂ ᠬᠤᠨᠢ ᠡᠪᠡᠰᠦ᠂ ᠲᠦᠷᠭᠡᠨ ᠦᠷᠡᠵᠢᠭᠦᠯᠬᠦ ᠡᠪᠡᠰᠦ ᠪᠡᠯᠴᠢᠭᠡᠷ ᠢ ᠳᠡᠯᠭᠡᠷᠡᠭᠦᠯᠦᠭᠰᠡᠨ | ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠨᠡᠶᠢᠲᠡᠯᠢᠭ ᠵᠢᠱᠢᠶ᠎ᠡ ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠵᠤ᠂ | ᠨᠢᠭᠡ ᠪᠦᠯᠦᠭ ᠥᠨᠳᠥᠷ ᠪᠠᠷᠢᠮᠵᠢᠶᠠᠲᠤ ᠡᠪᠡᠰᠦ ᠲᠠᠷᠢᠶ᠎ᠠ ᠶᠢ ᠬᠦᠴᠦᠯᠡᠨ ᠪᠦᠲᠦᠭᠡᠨ ᠪᠠᠶᠢᠭᠤᠯᠵᠤ᠂ ᠥᠪᠥᠷ | ᠮᠣᠩᠭᠤᠯ ᠤᠨ ᠴᠢᠨᠠᠷ ᠰᠠᠶᠢᠲᠠᠢ ᠲᠡᠵᠢᠭᠡᠯ ᠡᠪᠡᠰᠦ ᠪᠣᠷᠳᠣᠭᠠᠨ ᠤ ᠨᠠᠷᠠᠲᠤ ᠲᠥᠷᠥᠯ ᠲᠡᠮᠳᠡᠭᠲᠦ ᠶᠢ ᠥᠨᠳᠥᠷ | ᠪᠠᠶᠢᠷᠢᠨ ᠳᠤ ᠪᠠᠶᠢᠭᠤᠯᠬᠤ ᠬᠡᠷᠡᠭᠲᠡᠢ᠃ ᠮᠧᠩ ᠼᠤᠤ ᠪᠦᠯᠦᠭᠯᠡᠯ ᠤᠨ ᠬᠥᠮᠥᠨ ᠤ ᠬᠦᠴᠦᠨ ᠤ ᠡᠬᠢ ᠪᠠᠶᠠᠯᠢᠭ᠂ | ᠲᠣᠭᠠᠴᠢᠯᠠᠭᠰᠠᠨ ᠮᠡᠷᠭᠡᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠠᠪᠠᠭᠤᠯᠢᠭ ᠢ | ᠰᠠᠶᠢᠲᠤᠷ ᠪᠠᠳᠠᠷᠠᠭᠤᠯᠵᠤ᠂ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠪᠣᠳᠠᠲᠠᠢ ᠳᠤ ᠨᠡᠶᠢᠴᠡᠬᠦ ᠮᠥᠷᠲᠡᠭᠡᠨ ᠲᠠᠷᠢᠶᠠᠨ ᠭᠠᠵᠠᠷ ᠤᠨ ᠰᠢᠮ᠎ᠡ ᠶᠢ ᠦᠨᠳᠦᠰᠦᠨ ᠠᠴᠠ ᠨᠢ | ᠳᠡᠭᠡᠭᠰᠢᠯᠡᠭᠦᠯᠵᠦ ᠳᠡᠶᠢᠯᠬᠦ ᠰᠢᠨ᠎ᠡ ᠵᠠᠮ ᠢ ᠬᠦᠴᠦ ᠪᠠᠨ ᠬᠠᠮᠲᠤᠳᠬᠠᠨ ᠰᠦᠪᠡᠭᠴᠢᠯᠡᠵᠦ ᠭᠠᠷᠭᠠᠬᠤ ᠬᠡᠷᠡᠭᠲᠡᠢ᠃ | ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ ᠂ ᠲᠣᠭᠲᠠᠭᠰᠠᠨ | ᠶᠠᠪᠤᠳᠠᠯ ᠢᠶᠠᠨ ᠱᠠᠯᠠᠪᠳᠠᠨ ᠠᠬᠢᠭᠤᠯᠵᠤ ᠂ ᠡᠷᠲᠡᠬᠡᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠪᠣᠯᠣᠨ ᠮᠧᠩ ᠼᠤᠤ ᠪᠦᠯᠦᠭᠯᠡᠯ ᠤᠨ ᠳᠡᠳ᠋ ᠶᠡᠷᠦᠩᠬᠡᠢ | ᠳᠠᠭᠠᠭᠠᠮᠠᠯ ᠸᠠᠩ ᠶᠤᠸᠠᠨ ᠶᠤᠸᠠᠨ ᠬᠤᠶᠠᠷ ᠲᠠᠯ᠎ᠠ ᠶᠢ ᠲᠥᠯᠥᠭᠡᠯᠡᠨ ᠭᠡᠷ᠎ᠡ ᠲᠣᠭᠲᠠᠪᠠ᠃ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ | ᠭᠠᠷ ᠤᠨ ᠥᠰᠥᠭ ᠵᠢᠷᠤᠬᠤ ᠶᠣᠰᠣᠯᠠᠯ ᠪᠠ ᠶᠠᠷᠢᠯᠴᠠᠬᠤ ᠬᠤᠷᠠᠯ ᠳᠤ ᠣᠷᠣᠯᠴᠠᠪᠠ᠃ | |