ᠵᠢᠯ ᠤᠨ ᠡᠬᠢᠨ ᠳᠤ ᠂ ᠮᠠᠨᠵᠤᠤᠷ ᠤᠨ ᠵᠠᠰᠠᠮᠠᠯ ᠵᠠᠮ ᠤᠨ ᠪᠤᠭᠤᠮᠲᠠ ᠳᠤ ᠂ ᠰᠢᠨ᠎ᠡ ᠰᠣᠷᠭᠤᠭ ᠵᠢᠮᠢᠰ᠂ | ᠢᠳᠡᠰᠢᠨ ᠨᠣᠭᠤᠭ᠎ᠠ ᠳᠦᠭᠦᠷᠲᠡᠯ᠎ᠡ ᠲᠡᠭᠡᠭᠡᠭᠰᠡᠨ ᠬᠥᠯᠳᠡᠭᠡᠭᠦᠷᠳᠤ ᠮᠠᠰᠢᠨ ᠲᠡᠷᠭᠡ ᠡᠮᠬᠢ ᠲᠢᠭᠯᠢᠮ ᠲᠠᠢ ᠪᠠᠷ ᠮᠥᠷᠯᠡᠵᠦ᠂ | ᠮᠠᠨᠵᠤᠤᠷ ᠪᠤᠭᠤᠮᠲᠠ ᠶᠢᠨ ᠠᠵᠢᠯᠲᠠᠳ ᠲᠤᠬᠠᠢ ᠶᠢᠨ ᠲᠠᠯᠠᠪᠠᠢ ᠳᠤ ᠰᠢᠯᠭᠠᠨ ᠬᠢᠨᠠᠨ ᠪᠠᠶᠢᠴᠠᠭᠠᠯᠲᠠ ᠬᠢᠵᠦ᠂ ᠳᠤᠮᠳᠠᠳᠤ | ᠤᠯᠤᠰ ᠤᠨ ᠲᠠᠷᠢᠶᠠᠯᠠᠩ ᠤᠨ ᠪᠦᠲᠦᠭᠡᠭᠳᠡᠭᠦᠨ ᠤ ᠭᠠᠳᠠᠭᠠᠳᠤ ᠭᠠᠷᠭᠠᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ | ᠪᠤᠢ᠃ | ᠡᠨᠡ ᠵᠢᠯ ᠠᠴᠠ ᠨᠠᠭᠠᠰᠢ᠂ ᠮᠠᠨᠵᠤᠤᠷ ᠪᠣᠭᠤᠮᠲᠠ ᠶᠢᠨ ᠵᠢᠮᠢᠰ ᠨᠣᠭᠤᠭ᠎ᠠ ᠶᠢᠨ ᠭᠠᠷᠭᠠᠯᠲᠠ ︽ ᠰᠠᠶᠢᠨ | ᠡᠬᠢᠯᠡᠯᠲᠡ︾ ᠲᠠᠢ ᠪᠤᠯᠵᠦ᠂ ᠶᠡᠭᠡ ᠬᠡᠮᠵᠢᠶᠡᠨ ᠤ ᠵᠦᠷᠵᠢᠯᠢᠭ᠂ ᠬᠠᠨ ᠪᠣᠷᠭᠤᠴᠠᠢ᠂ ᠰᠠᠷᠢᠮᠰᠠᠭ᠂ ᠯᠠᠵᠤᠤ ᠵᠡᠷᠭᠡ ᠶᠢ | ᠭᠠᠳᠠᠭᠠᠳᠤ ᠳᠤ ᠪᠣᠷᠣᠯᠠᠭᠤᠯᠵᠤ᠂ ᠳᠤᠮᠳᠠᠴᠢ ᠪᠠᠷ ᠡᠳᠦᠷ ᠪᠦᠷᠢ 400 ᠲᠣᠨ ᠰᠢᠬᠠᠮ ᠭᠠᠳᠠᠭᠠᠳᠤ ᠳᠤ ᠭᠠᠷᠭᠠᠵᠠᠢ᠃ | ᠨᠢᠬᠡᠳᠦᠬᠡᠷ ᠰᠠᠷ᠎ᠠ ᠶᠢᠨ ᠭᠠᠳᠠᠭᠠᠳᠤ ᠭᠠᠷᠭᠠᠯᠲᠠ ᠶᠢᠨ ᠬᠡᠮᠵᠢᠶ᠎ᠡ 1 ᠲᠦᠮᠡᠨ ᠲᠤᠨ ᠢ ᠳᠠᠪᠠᠵᠤ᠂ 2022 ᠣᠨ ᠤ | ᠲᠦᠷᠦᠬᠦᠤ ᠤᠯᠠᠷᠢᠯ ᠤᠨ ᠭᠠᠳᠠᠭᠠᠳᠤ ᠭᠠᠷᠭᠠᠯᠲᠠ ᠶᠢᠨ ᠶᠡᠷᠦᠩᠬᠡᠶ ᠬᠡᠮᠵᠢᠶ᠎ᠡ ᠳᠤ ᠣᠶᠢᠷᠠᠳᠤᠵᠠᠢ ᠃ | ᠣᠶᠢᠯᠠᠭᠠᠭᠰᠠᠨ ᠢᠶᠠᠷ ᠂ ᠮᠠᠨᠵᠤᠤᠷ ᠪᠣᠭᠤᠮᠲᠠ ᠶᠢᠨ ᠬᠢᠨ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ | ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠂ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ | ᠪᠠᠭᠤᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠪᠣᠭᠤᠮᠲᠠ ᠶᠢᠨ ᠬᠤᠳᠠᠯᠳᠤᠭ᠎ᠠ | ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ ᠂ ᠮᠠᠨᠵᠤᠤᠷ ᠪᠣᠭᠤᠮᠲᠠ ᠶᠢᠨ ᠭᠠᠳᠠᠭᠠᠳᠤ | ᠭᠠᠷᠭᠠᠯᠲᠠ ᠶᠢᠨ ᠵᠢᠮᠢᠰ ᠢᠳᠡᠰᠢᠨ ᠨᠣᠭᠤᠭ᠎ᠠ ᠶᠢᠨ ᠬᠢᠵᠢᠭ ᠤᠨ ᠪᠠᠶᠢᠴᠠᠭᠠᠯᠲᠠ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠰᠠᠶᠢᠳᠤᠷ ᠬᠢᠵᠦ᠂ ᠭᠠᠳᠠᠭᠠᠳᠤ ᠭᠠᠷᠭᠠᠯᠲᠠ ᠶᠢᠨ ᠵᠢᠮᠢᠰ ᠢᠳᠡᠰᠢᠨ ᠨᠣᠭᠤᠭ᠎ᠠ ᠶᠢᠨ ᠰᠢᠯᠭᠠᠨ | ᠪᠠᠶᠢᠴᠠᠭᠠᠯᠲᠠ ᠶᠢᠨ ᠪᠠᠶᠢᠳᠠᠯ ᠪᠠ ᠬᠢᠯᠢ ᠶᠢᠨ ᠭᠠᠳᠠᠨ᠎ᠠ ᠮᠡᠳᠡᠭᠳᠡᠭᠰᠡᠨ ᠪᠠᠶᠢᠳᠠᠯ ᠢ ᠠᠵᠤ ᠠᠬᠤᠶᠢᠯᠠᠯ ᠳᠤ ᠴᠠᠭ ᠲᠤᠬᠠᠶ | ᠳᠤᠨᠢ ᠮᠡᠳᠡᠭᠳᠡᠵᠦ ᠂ ᠠᠵᠤ ᠠᠬᠤᠶᠢᠯᠠᠯ ᠢ ᠬᠥᠲᠥᠯᠦᠨ ᠵᠢᠯᠣᠭᠤᠳᠤᠨ ᠭᠠᠳᠠᠭᠠᠳᠤ ᠭᠠᠷᠭᠠᠯᠲᠠ ᠶᠢᠨ ᠲᠦᠯᠦᠪᠯᠡᠭᠡ ᠳᠤ | ᠤᠷᠢᠳᠴᠢᠯᠠᠨ ᠲᠣᠬᠢᠷᠠᠭᠤᠯᠤᠯᠲᠠ ᠬᠢᠯᠭᠡᠵᠦ᠂ ᠲᠦᠭᠰᠢᠭᠦᠷᠢ ᠠᠴᠠ ᠵᠠᠶᠢᠯᠠᠭᠤᠯᠤᠨ ᠂ ᠬᠤᠬᠢᠷᠠᠯ ᠢ ᠨᠢ ᠪᠠᠭᠠᠰᠬᠠᠵᠠᠢ ᠃ | ᠡᠭᠦᠨ ᠤ ᠬᠠᠮᠲᠤ᠂ ᠵᠢᠮᠢᠰ ᠢᠳᠡᠰᠢᠨ ᠨᠣᠭᠤᠭ᠎ᠠ ᠶᠢᠨ ᠭᠠᠳᠠᠭᠠᠳᠤ ᠭᠠᠷᠭᠠᠯᠲᠠ ᠶᠢᠨ ᠰᠠᠭᠠᠳ ᠥᠬᠡᠶ ᠨᠡᠪᠲᠡᠷᠡᠬᠦ ᠶᠢ | ᠪᠠᠲᠤᠯᠠᠬᠤ ᠶᠢᠨ ᠲᠥᠯᠥᠭᠡ᠂ ᠲᠣᠰ ᠪᠣᠭᠤᠮᠲᠠ ᠨᠢ ︽7 × 24 ᠴᠠᠭ︾ ᠤᠨ ᠪᠤᠭᠤᠮᠲᠠ ᠪᠠᠷ ᠦᠩᠭᠡᠷᠡᠬᠦ ᠶᠢ | ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠵᠤ᠂ ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ | ᠰᠢᠨ᠎ᠠ ᠰᠣᠷᠭᠤᠭ ᠠᠮᠠᠷᠬᠠᠨ ᠢᠯᠵᠠᠷᠠᠬᠤ ᠲᠠᠷᠢᠶᠠᠯᠠᠩ ᠤᠨ ᠢᠳᠡᠭᠡᠨ ᠤ ᠦᠢᠯᠡᠳᠭᠦᠨ ᠤ ᠬᠠᠷᠢᠶ᠎ᠠ ᠭᠠᠵᠠᠷ ᠤᠨ | ᠪᠠᠶᠢᠴᠠᠭᠠᠨ ᠰᠢᠯᠭᠠᠬᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠭᠠᠳᠠᠭᠠᠳᠤ ᠳᠤ ᠭᠠᠷᠭᠠᠬᠤ ᠵᠢᠮᠢᠰ | ᠢᠳᠡᠰᠢᠨ ᠨᠣᠭᠤᠭ᠎ᠠ ᠶᠢ ᠴᠠᠭ ᠲᠤᠬᠠᠢ ᠳᠤᠨᠢ ᠪᠤᠭᠤᠮᠲᠠ ᠪᠠᠷ ᠦᠩᠭᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ | ᠪᠠᠶᠢᠨ᠎ᠠ ᠃ | |