ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠾᠧ ᠯᠦᠩ ᠪᠤᠭᠤᠲᠤ ᠬᠤᠲᠠ ᠶᠢᠨ ᠳᠡᠳ᠋ ᠳᠠᠷᠤᠭ᠎ᠠ ᠯᠢᠦ ᠶᠦᠩ ᠰᠢᠶᠠᠩ ᠳᠤ ᠪᠠᠷ᠎ᠠ ᠪᠣᠯᠵᠤ ᠵᠧᠵᠢᠶᠠᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ ︽ᠬᠤᠶᠠᠷ ᠤᠷᠢᠵᠦ ᠬᠤᠶᠠᠷ ᠣᠷᠤᠭᠤᠯᠬᠤ︾ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/2/22
      2023 ᠣᠨ ᠤ 2 ᠰᠠᠷ᠎ᠠ ᠶᠢᠨ 20 ᠤ ᠡᠳᠦᠷ ᠂ ᠪᠤᠭᠤᠲᠤ ᠬᠤᠲᠠ ᠶᠢᠨ ᠳᠡᠳ᠋ ᠳᠠᠷᠤᠭ᠎ᠠ ᠯᠢᠦ ᠶᠦᠩ ᠰᠢᠶᠠᠩ ᠠᠩᠭᠢ ᠳᠠᠭᠠᠭᠤᠯᠤᠨ ᠵᠧᠵᠢᠶᠠᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠬᠦᠷᠴᠦ ᠬᠤᠳᠠᠯᠳᠤᠭᠠᠴᠢᠠ ᠤᠷᠢᠵᠤ ᠪᠡᠯᠡ ᠣᠷᠣᠭᠤᠯᠤᠨ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠬᠠᠮᠢᠶ᠎ᠠ ᠪᠦᠬᠦᠢ ᠠᠵᠢᠯ ᠢ ᠦᠷᠨᠢᠭᠦᠯᠪᠡ ᠃ ᠨᠢᠭᠡ ᠪᠦᠯᠦᠭ ᠬᠥᠮᠥᠰ ᠤᠷᠢᠳ ᠬᠤᠵᠢᠳ ᠢᠳᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠂ ᠲᠣᠭᠠᠴᠢᠯᠠᠭᠰᠠᠨ ᠲᠠᠷᠢᠶᠠᠯᠠᠩ ᠤᠨ ᠰᠤᠳᠤᠯᠭᠠᠨ ᠤ ᠭᠠᠵᠠᠷ ᠪᠣᠯᠣᠨ ᠤᠷᠭᠤᠮᠠᠯ ᠤᠨ ᠬᠠᠮᠠᠭᠠᠯᠠᠯᠲᠠ ᠪᠣᠯᠣᠨ ᠮᠢᠺᠷᠣᠪ ᠤᠨ ᠰᠤᠳᠤᠯᠭᠠᠨ ᠤ ᠭᠠᠵᠠᠷ ᠲᠤ ᠬᠦᠷᠴᠦ ᠬᠤᠳᠠ ᠶᠢᠨ ᠲᠠᠷᠢᠶᠠᠯᠠᠩ ᠂ ᠣᠶᠤᠨᠲᠤ ᠲᠠᠷᠢᠶᠠᠯᠠᠩ ᠂ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠂ ᠶᠡᠭᠡ ᠳᠡᠭᠡᠳᠦ ᠰᠤᠷᠭᠠᠭᠤᠯᠢ ᠶᠢᠨ ᠬᠠᠮᠲᠤᠷᠠᠯᠴᠠᠭᠠᠨ ᠤ ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ ᠲᠠᠯ᠎ᠠ ᠪᠠᠷ ᠭᠦᠨᠵᠡᠭᠡᠢ ᠵᠣᠯᠭᠠᠭᠤᠯᠵᠤ ᠂ ᠵᠧᠵᠢᠶᠠᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠠᠬᠢᠷᠤᠯ ᠯᠢᠨ ᠹᠦ᠋ ᠴᠧᠩ ᠲᠠᠢ ᠠᠭᠤᠯᠵᠠᠵᠤ ᠶᠠᠷᠢᠯᠴᠠᠪᠠ ᠃      ᠵᠧᠵᠢᠶᠠᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠯᠪᠠᠨ ᠭᠡᠷ ᠂ ᠦᠷ᠎ᠡ ᠪᠦᠲᠦᠭᠡᠯ ᠢ ᠬᠤᠪᠢᠰᠬᠠᠨ ᠳᠡᠯᠭᠡᠷᠡᠭᠦᠯᠬᠦ ᠬᠡᠯᠲᠡᠰ ᠂ ᠲᠠᠷᠢᠮᠠᠯ ᠠᠮᠢᠳᠤ ᠪᠤᠳᠠᠰ ᠤᠨ ᠭᠠᠵᠠᠷ ᠂ ᠲᠣᠭᠠᠴᠢᠯᠠᠭᠰᠠᠨ ᠲᠠᠷᠢᠶᠠᠯᠠᠩ ᠤᠨ ᠭᠠᠵᠠᠷ ᠂ ᠢᠳᠡᠭᠡᠨ ᠤ ᠭᠠᠵᠠᠷ ᠂ ᠤᠯᠤᠰ ᠤᠨ ᠣᠨᠴᠠᠯᠢᠭᠲᠤ ᠢᠳᠡᠰᠢᠨ ᠨᠣᠭᠤᠭᠠᠨ ᠤ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ ᠶᠢᠨ ᠬᠠᠩᠵᠧᠦ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠦᠷᠲᠡᠭᠡ ᠬᠠᠷᠢᠯᠴᠠᠬᠤ ᠳᠤ ᠣᠷᠣᠯᠴᠠᠪᠠ ᠃      ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠠᠷᠤᠭ᠎ᠠ ᠸᠠᠩ ᠾᠧ ᠯᠦᠩ᠂ ᠪᠤᠭᠤᠲᠤ ᠬᠤᠲᠠ ᠶᠢᠨ ᠲᠠᠷᠢᠶᠠᠯᠠᠩ ᠤᠨ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ ᠭᠤᠸ ᠵᠧᠨ ᠵᠢᠶᠠᠩ ᠪᠠᠷ᠎ᠠ ᠪᠣᠯᠵᠤ ᠵᠥᠪᠳᠡᠯᠴᠡᠪᠡ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号