ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠤᠬᠠᠭᠤᠯᠤᠨ ᠳᠡᠯᠭᠡᠷᠡᠭᠦᠯᠬᠦ ᠬᠡᠮᠵᠢᠶ᠎ᠡ᠂ | ᠨᠠᠷᠠᠲᠤ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠤᠰᠠᠳᠠ᠂ ᠨᠡᠶᠢᠭᠡᠮ ᠨᠡᠶᠢᠲᠡ ᠠᠴᠠ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ︵ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ︵Slogan︶ | ᠶᠢ ᠢᠯᠡ ᠪᠠᠷ ᠡᠯᠰᠡᠨ ᠴᠤᠭᠯᠠᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ | ᠵᠠᠷᠯᠠᠪᠠ᠃ | ᠨᠢᠭᠡ᠂ ᠡᠯᠰᠡᠨ ᠴᠤᠭᠯᠠᠭᠤᠯᠬᠤ ᠠᠭᠤᠯᠭ᠎ᠠ | ᠡᠬᠡ ᠪᠢᠴᠢᠭ ᠥᠭᠭᠦᠭᠰᠡᠨ ᠪᠦᠲᠦᠭᠡᠯ ᠳᠤ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ︵ᠥᠰᠥᠭ | ᠪᠢᠴᠢᠭ ᠤᠨ ᠠᠭᠤᠯᠭ᠎ᠠ᠂ ᠪᠠᠷᠢᠮᠵᠢᠶᠠᠲᠤ ᠥᠰᠥᠭ ᠤᠨ ᠲᠢᠭ᠂ ᠬᠡᠷᠡᠭᠯᠡᠭᠡᠨ ᠤ ᠥᠩᠭᠡ ᠪᠤᠳᠤᠭ︶᠂ ᠪᠦᠲᠦᠭᠡᠯᠴᠢ | ᠲᠣᠳᠣᠷᠬᠠᠶᠢᠯᠠᠯᠲᠠ ᠪᠠ ᠵᠣᠬᠢᠶᠠᠭᠴᠢ ᠶᠢᠨ ᠪᠠᠶᠢᠳᠠᠯ ᠤᠨ ᠲᠣᠪᠴᠢ ᠲᠠᠨᠢᠯᠴᠠᠭᠤᠯᠭ᠎ᠠ ᠵᠡᠷᠭᠡ ᠭᠤᠷᠪᠠᠨ ᠬᠡᠰᠡᠭ ᠪᠠᠭᠲᠠᠨ᠎ᠠ᠃ | ᠠᠭᠤᠯᠭ᠎ᠠ ᠨᠢ ᠤᠳᠬ᠎ᠠ ᠠᠭᠤᠯᠭ᠎ᠠ᠂ ᠰᠡᠳᠬᠢᠮᠵᠢ᠂ ᠵᠣᠬᠢᠶᠠᠨ ᠪᠦᠲᠦᠭᠡᠯᠭᠡ ᠶᠢᠨ ᠣᠶᠢᠯᠠᠭᠠᠭᠳᠠᠬᠤᠨ ᠵᠡᠷᠭᠡ ᠶᠢ | ᠭᠦᠢᠴᠡᠳ ᠢᠯᠡᠳᠬᠡᠬᠦ ᠬᠡᠷᠡᠭᠲᠡᠢ᠃ | ᠬᠤᠶᠠᠷ ᠂ ᠡᠯᠰᠡᠨ ᠴᠤᠭᠯᠠᠭᠤᠯᠬᠤ ᠴᠠᠭ | ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠶᠢᠨ ᠳᠠᠭᠤᠰᠬᠤ ᠴᠠᠭ ᠨᠢ 2023 ᠣᠨ ᠤ 3 | ᠰᠠᠷ᠎ᠠ ᠶᠢᠨ 28 ᠤ ᠡᠳᠦᠷ ᠪᠣᠯᠣᠨ᠎ᠠ᠃ | ᠭᠤᠷᠪᠠ ᠂ ᠡᠯᠰᠡᠬᠦ ᠡᠲᠡᠭᠡᠳ | ᠪᠥᠬᠦ ᠨᠡᠶᠢᠭᠡᠮ ᠳᠤ ᠬᠠᠨᠳᠤᠭᠤᠯᠤᠨ ᠢᠯᠡ ᠪᠠᠷ ᠡᠯᠰᠡᠨ ᠴᠤᠭᠯᠠᠭᠤᠯᠬᠤ ᠳᠤ᠂ ᠲᠤᠰᠬᠠᠢ ᠮᠡᠷᠭᠡᠵᠢᠯ ᠤᠨ | ᠲᠦᠰᠦᠪᠯᠡᠯ ᠤᠨ ᠪᠠᠶᠢᠭᠤᠯᠤᠮᠵᠢ ᠪᠠ ᠬᠤᠪᠢ ᠬᠥᠮᠥᠨ ᠴᠥᠮ ᠣᠷᠣᠯᠴᠠᠵᠤ ᠪᠣᠯᠣᠨ᠎ᠠ ︵ᠲᠣᠰ ᠤᠳᠠᠭᠠᠨ ᠤ ᠡᠯᠰᠡᠨ | ᠴᠤᠭᠯᠠᠭᠤᠯᠬᠤ ᠠᠵᠢᠯᠯᠠᠭ᠎ᠠ ᠳᠤ ᠣᠷᠤᠯᠴᠠᠬᠤ ᠠᠵᠢᠯᠲᠠᠨ ᠪᠠ ᠬᠢᠨᠠᠨ ᠲᠣᠭᠲᠠᠭᠠᠬᠤ ᠠᠵᠢᠯ ᠢ ᠡᠭᠦᠷᠭᠡᠯᠡᠵᠦ ᠪᠠᠶᠢᠭ᠎ᠠ | ᠲᠤᠰᠬᠠᠢ ᠮᠡᠷᠭᠡᠵᠢᠯᠲᠡᠨ ᠡᠭᠦᠨ ᠳᠤ ᠪᠠᠭᠲᠠᠬᠤ ᠦᠭᠡᠢ︶᠃ | ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ | ︵ᠨᠢᠭᠡ︶ ᠭᠤᠣᠯ ᠰᠡᠳᠦᠪ ᠨᠢ ᠲᠣᠪᠣᠶᠢᠮ᠎ᠠ᠂ ᠵᠦᠢᠴᠢᠯᠡᠯ ᠤᠨ ᠤᠳᠬ᠎ᠠ ᠨᠢ ᠭᠦᠨ ᠭᠦᠨᠵᠡᠭᠡᠢ᠃ | ᠪᠦᠲᠦᠭᠡᠯᠴᠢ ᠲᠥᠰᠥᠪᠯᠡᠯ ᠤᠨ ᠨᠢᠭᠡᠴᠢ ᠪᠤᠶᠤ ᠬᠤᠪᠢ ᠬᠥᠮᠥᠨ ᠥᠪᠥᠷ ᠮᠣᠩᠭᠤᠯ ᠤᠨ ᠣᠷᠣᠨ ᠤ ᠪᠠᠶᠢᠳᠠᠯ᠂ | ᠲᠠᠷᠢᠶᠠᠯᠠᠩ ᠮᠠᠯ ᠠᠵᠤ ᠠᠬᠤᠢ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠶᠢᠨ | ᠪᠠᠶᠢᠳᠠᠯ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠪᠠ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ | ᠣᠳᠣᠬᠢ ᠪᠠᠶᠢᠳᠠᠯ ᠢ ᠭᠦᠢᠴᠡᠳ ᠣᠶᠢᠯᠠᠭᠠᠵᠤ᠂ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠬᠡᠯᠡᠨ ᠤ ᠪᠦᠲᠦᠭᠡᠯᠴᠢ | ᠰᠡᠳᠬᠢᠮᠵᠢ ᠳᠤ ᠥᠪᠥᠷ ᠮᠣᠩᠭᠤᠯ ᠤᠨ ᠣᠷᠣᠨ ᠪᠦᠰᠡ ᠶᠢᠨ ᠣᠨᠴᠠᠯᠢᠭ᠂ ᠬᠥᠮᠥᠨ ᠨᠡᠶᠢᠭᠡᠮ ᠤᠨ ᠲᠡᠦᠬᠡ᠂ | ᠳᠠᠪᠠᠭᠤᠯᠢᠭ ᠠᠵᠤ ᠦᠢᠯᠡᠰ ᠵᠡᠷᠭᠡ ᠣᠨᠴᠠᠯᠢᠭ ᠢ ᠢᠯᠡᠷᠡᠭᠦᠯᠵᠦ᠂ ᠶᠠᠰᠤ ᠴᠢᠨᠠᠷ᠂ ᠰᠢᠨ᠎ᠡ ᠶᠢ ᠡᠭᠦᠳᠬᠦ᠂ ᠨᠠᠷᠠᠲᠤ | ᠲᠡᠮᠳᠡᠭᠲᠦ ᠵᠡᠷᠭᠡ ᠠᠭᠤᠯᠤᠭᠳᠠᠬᠤᠨ ᠢ ᠢᠯᠡᠳᠬᠡᠵᠦ᠂ ᠥᠪᠥᠷ ᠮᠣᠩᠭᠤᠯ ᠤᠨ ᠪᠣᠬᠢᠷᠳᠤᠯ ᠦᠭᠡᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠬᠥᠭᠵᠢᠯᠲᠡ ᠶᠢᠨ ᠴᠢᠭᠯᠡᠯ ᠢ ᠢᠯᠡᠷᠡᠭᠦᠯᠵᠦ᠂ | ᠨᠡᠯᠢᠶᠡᠳ ᠴᠢᠩᠭ᠎ᠠ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠪᠠ ᠴᠠᠭ ᠦᠶ᠎ᠡ ᠶᠢᠨ ᠲᠥᠷᠥᠭᠳᠡᠯ ᠲᠠᠢ ᠪᠠᠶᠢᠬᠤ | ᠬᠡᠷᠡᠭᠲᠡᠢ᠃ | ︵ᠬᠤᠶᠠᠷ︶ ᠥᠪᠡᠷᠮᠢᠴᠡ ᠪᠦᠲᠦᠭᠡᠯᠴᠢ ᠰᠠᠨᠠᠭ᠎ᠠ ᠠᠬᠤᠢ ᠲᠠᠢ᠃ ᠪᠦᠲᠦᠭᠡᠯᠴᠢ ᠰᠠᠨᠠᠭ᠎ᠠ ᠠᠬᠤᠢ ᠨᠢ ᠤᠷᠠᠨ | ᠨᠠᠷᠢᠨ ᠰᠡᠳᠬᠢᠮᠵᠢ ᠲᠠᠢ᠂ ᠣᠨᠴᠠᠭᠠᠶ ᠴᠡᠭᠡᠵᠢᠯᠡᠪᠦᠷᠢ ᠲᠠᠢ ᠂ ᠣᠶᠢᠯᠠᠭᠠᠬᠤ ᠳᠤ ᠬᠢᠯᠪᠠᠷ᠂ ᠢᠯᠭᠠᠨ ᠲᠠᠨᠢᠬᠤ ᠳᠤ ᠬᠢᠯᠪᠠᠷ᠂ | ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠳᠤ ᠬᠡᠷᠡᠭᠯᠡᠵᠦ ᠪᠣᠯᠬᠤ ᠬᠡᠷᠡᠭᠲᠡᠢ ᠃ | ︵ ᠭᠤᠷᠪᠠ︶ ᠤᠤᠭᠠᠯ ᠪᠦᠲᠦᠭᠡᠯ ᠃ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠥᠰᠥᠭ ᠤᠨ | ᠲᠤᠭ᠎ᠠ ᠶᠢ ᠬᠢᠵᠠᠭᠠᠷᠯᠠᠬᠤ ᠦᠭᠡᠢ᠂ ᠭᠡᠬᠦ ᠳᠤ ᠪᠠᠨ ᠡᠷᠬᠡᠪᠰᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠡᠯᠰᠡᠭᠳᠡᠭᠰᠡᠳ ᠨᠢ ᠣᠯᠠᠨ ᠲᠥᠰᠥᠪᠯᠡᠯ ᠤᠨ | ᠪᠦᠲᠦᠭᠡᠯᠴᠢ ᠲᠥᠰᠥᠯ ᠢ ᠬᠠᠮᠲᠤ ᠳᠤ ᠨᠢ ᠲᠤᠰᠢᠶᠠᠵᠤ ᠪᠣᠯᠣᠨ᠎ᠠ᠂ ᠲᠤᠰᠢᠶᠠᠭᠰᠠᠨ ᠪᠦᠲᠦᠭᠡᠯ ᠨᠢ ᠡᠷᠬᠡᠪᠰᠢ ᠤᠤᠭᠠᠯ | ᠪᠦᠲᠦᠭᠡᠯ ᠪᠠᠶᠢᠬᠤ ᠬᠡᠷᠡᠭᠲᠡᠢ᠂ ᠬᠠᠭᠤᠯᠤᠭᠰᠠᠨ᠂ ᠬᠠᠭᠤᠷᠮᠠᠭᠯᠠᠨ ᠵᠣᠬᠢᠶᠠᠭᠰᠠᠨ ᠪᠤᠶᠤ ᠪᠤᠰᠤᠳ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠤᠬᠢᠷᠠᠭᠤᠯᠤᠭᠰᠠᠨ ᠦᠭᠡᠢ ᠪᠠᠶᠢᠬᠤ ᠬᠡᠷᠡᠭᠲᠡᠢ︔ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭᠲᠦ ᠶᠢᠨ ᠬᠠᠤᠯᠢ︾ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠵᠥᠷᠢᠴᠡᠵᠦ ᠪᠣᠯᠬᠤ ᠦᠭᠡᠢ᠂ ᠡᠭᠦᠨ ᠠᠴᠠ ᠡᠮᠦᠨ᠎ᠡ ᠶᠠᠮᠠᠷ ᠴᠤ ᠬᠡᠯᠪᠡᠷᠢ ᠪᠠᠷ ᠨᠡᠶᠢᠲᠡᠯᠡᠭᠰᠡᠨ ᠦᠭᠡᠢ᠂ | ᠶᠠᠮᠠᠷ ᠴᠤ ᠬᠡᠯᠪᠡᠷᠢ ᠪᠠᠷ ᠣᠯᠠᠨ ᠨᠡᠶᠢᠲᠡ ᠳᠤ ᠮᠡᠳᠡᠭᠳᠡᠭᠰᠡᠨ ᠦᠭᠡᠢ᠂ ᠪᠦᠷᠢᠨ ᠪᠦᠲᠦᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃ | ᠲᠠᠪᠤ ᠂ ᠪᠦᠲᠦᠭᠡᠯ ᠢᠶᠠᠨ ᠲᠤᠰᠢᠶᠠᠬᠤ | ︵ᠨᠢᠭᠡ︶ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ ᠦᠭᠡ ᠬᠡᠯᠡ ᠵᠢᠴᠢ ᠪᠦᠲᠦᠭᠡᠯᠴᠢ ᠰᠠᠨᠠᠭ᠎ᠠ ᠶᠢᠨ | ᠲᠣᠳᠣᠷᠬᠠᠶᠢᠯᠠᠯᠲᠠ ᠶᠢᠨ ᠥᠰᠥᠭ ᠪᠢᠴᠢᠭ ᠤᠨ ᠡᠬᠡ ᠨᠣᠣᠷᠠᠭ ᠢ ᠲᠤᠰᠢᠶᠠᠵᠤ᠂ ᠪᠦᠲᠦᠭᠡᠯ ᠤᠨ ᠰᠡᠳᠬᠢᠮᠵᠢ᠂ ᠰᠠᠨᠠᠭ᠎ᠠ | ᠵᠣᠷᠢᠯᠲᠠ᠂ ᠠᠭᠤᠯᠤᠭᠳᠠᠬᠤᠨ ᠵᠡᠷᠭᠡ ᠶᠢ ᠲᠣᠪᠴᠢ ᠥᠭᠦᠯᠡᠨ ᠲᠣᠭᠠᠴᠢᠬᠤ ᠬᠡᠷᠡᠭᠲᠡᠢ ᠃ | ︵ᠬᠤᠶᠠᠷ︶ ᠬᠤᠪᠢ ᠬᠥᠮᠥᠨ ᠤ ᠨᠡᠷ᠎ᠡ ᠪᠠᠷ ᠡᠬᠡ ᠪᠢᠴᠢᠭ ᠶᠠᠪᠤᠭᠤᠯᠬᠤ ᠳᠤ ᠵᠣᠬᠢᠶᠠᠭᠴᠢ ᠶᠢᠨ ᠣᠪᠣᠭ ᠨᠡᠷ᠎ᠡ ᠂ | ᠨᠢᠭᠡᠴᠢ ᠂ ᠪᠡᠶ᠎ᠡ ᠶᠢᠨ ᠦᠨᠡᠮᠯᠡᠯ ᠤᠨ ᠨᠣᠮᠧᠷ ᠂ ᠬᠠᠷᠢᠯᠴᠠᠬᠤ ᠤᠲᠠᠰᠤ ᠂ ᠬᠠᠷᠢᠯᠴᠠᠬᠤ ᠬᠠᠶ᠋ᠢᠭ ᠵᠡᠷᠭᠡ ᠶᠢ ᠬᠠᠩᠭᠠᠬᠤ | ᠬᠡᠷᠡᠭᠲᠡᠢ︔ ᠨᠢᠭᠡᠴᠢ ᠶᠢᠨ ᠨᠡᠷ᠎ᠡ ᠪᠠᠷ ᠡᠬᠡ ᠪᠢᠴᠢᠭ ᠶᠠᠪᠤᠭᠤᠯᠬᠤ ᠳᠤ ᠨᠢᠭᠡᠴᠢ ᠶᠢᠨ ᠨᠡᠷᠡᠶᠢᠳᠦᠯ ᠂ | ᠳᠠᠩᠰᠠᠯᠠᠭᠤᠯᠤᠭᠰᠠᠨ ᠬᠠᠶ᠋ᠢᠭ ᠂ ᠬᠠᠷᠢᠯᠴᠠᠬᠤ ᠬᠠᠶ᠋ᠢᠭ ᠂ ᠬᠠᠷᠢᠯᠴᠠᠬᠤ ᠬᠥᠮᠥᠨ ᠵᠢᠴᠢ ᠤᠲᠠᠰᠤ ᠶᠢ ᠲᠣᠳᠣᠷᠬᠠᠢ | ᠪᠢᠴᠢᠬᠦ ᠬᠡᠷᠡᠭᠲᠡᠢ ᠃ | ︵ᠭᠤᠷᠪᠠ︶ ᠪᠦᠲᠦᠭᠡᠯ ᠢ ᠢᠮᠧᠯ ᠢᠶᠠᠷ ᠳᠠᠮᠵᠢᠭᠤᠯᠤᠨ ᠲᠤᠰᠢᠶᠠᠬᠤ ᠶᠢᠨ ᠬᠠᠮᠲᠤ ᠢᠮᠧᠯ ᠤᠨ ᠭᠤᠣᠯ | ᠰᠡᠳᠦᠪ ᠲᠤ ᠪᠠᠨ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ | ᠤᠬᠠᠭᠤᠯᠭ᠎ᠠ ᠶᠢᠨ ᠦᠭᠡ ᠡᠯᠰᠡᠨ ᠴᠤᠭᠯᠠᠭᠤᠯᠵᠤ ᠡᠬᠡ ᠪᠢᠴᠢᠭ ᠢᠯᠡᠭᠡᠬᠦ︾ ᠭᠡᠰᠡᠨ ᠥᠰᠥᠭ ᠢ ᠲᠣᠳᠣᠷᠬᠠᠶᠢᠯᠠᠬᠤ | ᠬᠡᠷᠡᠭᠲᠡᠢ᠃ | ᠵᠢᠷᠭᠤᠭ᠎ᠠ᠂ ᠰᠢᠯᠭᠠᠷᠠᠭᠤᠯᠬᠤ ᠠᠷᠭ᠎ᠠ ᠮᠠᠶ᠋ᠢᠭ | ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ | ᠤᠬᠠᠭᠤᠯᠭ᠎ᠠ ᠶᠢᠨ ᠬᠡᠯᠡᠨ ᠤ ᠬᠢᠨᠠᠨ ᠲᠣᠭᠲᠠᠭᠠᠬᠤ ᠺᠣᠮᠢᠰ ᠢ ᠪᠠᠶᠢᠭᠤᠯᠵᠤ᠂ ᠲᠤᠰᠬᠠᠢ ᠮᠡᠷᠭᠡᠵᠢᠯᠲᠡᠳ ᠢ ᠵᠣᠬᠢᠶᠠᠨ | ᠪᠠᠶᠢᠭᠤᠯᠤᠨ ᠦᠨᠡᠯᠡᠨ ᠶᠠᠷᠢᠯᠴᠠᠵᠤ᠂ ᠪᠣᠶ ᠪᠦᠬᠦᠢ ᠡᠯᠰᠡᠨ ᠴᠤᠭᠯᠠᠭᠤᠯᠤᠭᠰᠠᠨ ᠪᠦᠲᠦᠭᠡᠯ ᠢ ᠭᠤᠣᠯ ᠰᠡᠳᠦᠪᠲᠦ | ᠠᠭᠤᠯᠭ᠎ᠠ᠂ ᠪᠦᠲᠦᠭᠡᠯᠴᠢ ᠢᠯᠡᠷᠡᠯ᠂ ᠬᠡᠷᠡᠭᠯᠡᠭᠡᠨ ᠤ ᠴᠢᠨᠠᠷ ᠵᠡᠷᠭᠡ ᠲᠠᠯ᠎ᠠ ᠪᠠᠷ ᠦᠨᠡᠯᠡᠨ ᠰᠢᠯᠭᠠᠷᠠᠭᠤᠯᠵᠤ᠂ ᠡᠯᠰᠡᠨ | ᠴᠤᠭᠯᠠᠭᠤᠯᠤᠭᠰᠠᠨ ᠪᠦᠲᠦᠭᠡᠯ ᠤᠨ ᠳᠣᠲᠣᠷ᠎ᠠ ᠠᠴᠠ 10 ᠬᠤᠪᠢ ᠶᠢ ᠡᠯᠰᠡᠭᠳᠡᠭᠰᠡᠨ ᠪᠦᠲᠦᠭᠡᠯ ᠢᠶᠠᠷ ᠲᠣᠭᠲᠠᠭᠠᠵᠤ᠂ | ᠡᠯᠰᠡᠭᠳᠡᠭᠰᠡᠨ ᠪᠦᠲᠦᠭᠡᠯ ᠤᠨ ᠳᠣᠲᠣᠷ᠎ᠠ ᠠᠴᠠ 1 ᠬᠤᠪᠢ ᠶᠢ ᠰᠢᠯᠢᠳᠡᠭ ᠪᠦᠲᠦᠭᠡᠯ ᠢᠶᠠᠷ ᠲᠣᠭᠲᠠᠭᠠᠨ᠎ᠠ᠃ ᠬᠠᠮᠤᠭ | ᠡᠴᠦᠰ ᠲᠤ ᠰᠣᠩᠭᠤᠨ ᠬᠡᠷᠡᠭᠯᠡᠭᠰᠡᠨ ᠪᠦᠲᠦᠭᠡᠯ ᠳᠤ ᠤᠬᠠᠭᠠᠯᠠᠨ ᠰᠡᠳᠦᠵᠦ ᠡᠭᠦᠳᠦᠨ ᠪᠦᠲᠦᠭᠡᠬᠦ ᠵᠠᠷᠤᠳᠠᠯ 10000 | ᠲᠥᠭᠦᠷᠢᠭ ᠤᠨ ᠱᠠᠩᠨᠠᠯ ᠣᠯᠭᠤᠵᠤ᠂ ᠪᠤᠰᠤᠳ ᠬᠦᠷᠢᠶᠡᠨ ᠳᠤ ᠣᠷᠣᠭᠰᠠᠨ ᠪᠦᠲᠦᠭᠡᠯ ᠳᠤ 1000 ᠲᠥᠭᠦᠷᠢᠭ ᠤᠨ | ᠨᠥᠬᠦᠪᠦᠷᠢ ᠣᠯᠭᠤᠨ᠎ᠠ᠃ | ᠲᠣᠰ ᠮᠡᠳᠡᠭᠳᠡᠯ ᠵᠢᠴᠢ ᠰᠢᠯᠭᠠᠷᠠᠭᠤᠯᠤᠭᠰᠠᠨ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠰᠦᠯᠵᠢᠶ᠎ᠡ᠂ | ᠸᠢᠴᠠᠲ ᠤᠨ ᠨᠡᠶᠢᠲᠡ ᠶᠢᠨ ᠳ᠋ᠤᠭᠠᠷ ᠵᠢᠴᠢ ᠡᠷᠬᠡ ᠣᠯᠭᠤᠭᠰᠠᠨ ᠥᠪᠥᠷ ᠮᠣᠩᠭᠤᠯ ᠤᠨ ᠨᠠᠷᠠᠲᠤ ᠲᠡᠮᠳᠡᠭᠲᠦ ᠶᠢᠨ | ᠰᠦᠯᠵᠢᠶ᠎ᠡ ᠪᠠᠷ ᠳᠠᠮᠵᠢᠭᠤᠯᠤᠨ ᠢᠯᠡ ᠨᠡᠶᠢᠲᠡᠯᠡᠬᠦ ᠶᠢᠨ ᠬᠠᠮᠲᠤ ᠮᠡᠳᠡᠭᠡᠯᠡᠨ᠎ᠡ ᠃ | ᠲᠤᠯᠤᠭ᠎ᠠ ᠂ ᠬᠤᠯᠪᠣᠭᠳᠠᠯ ᠪᠦᠬᠦᠢ ᠢᠯᠡᠷᠬᠡᠶᠢᠯᠡᠯᠲᠡ | ︵ᠨᠢᠭᠡ︶ ᠲᠣᠰ ᠤᠳᠠᠭᠠᠨ ᠤ ᠡᠯᠰᠡᠨ ᠴᠤᠭᠯᠠᠭᠤᠯᠬᠤ ᠠᠵᠢᠯᠯᠠᠭ᠎ᠠ ᠳᠤ ᠶᠠᠮᠠᠷ ᠴᠤ ᠰᠦᠢᠳᠬᠡᠯ ᠬᠤᠷᠢᠶᠠᠬᠤ | ᠦᠭᠡᠢ᠂ ᠢᠷᠡᠭᠦᠯᠦᠭᠰᠡᠨ ᠡᠬᠡ ᠪᠢᠴᠢᠭ ᠢ ᠴᠥᠮ ᠪᠤᠴᠠᠭᠠᠵᠤ ᠥᠭᠬᠦ ᠦᠭᠡᠢ᠂ ᠡᠭᠦᠳᠦᠨ ᠪᠦᠲᠦᠭᠡᠭᠴᠢ ᠡᠬᠡ | ᠪᠢᠴᠢᠭ ᠢᠶᠠᠨ ᠥᠪᠡᠷ ᠢᠶᠠᠨ ᠦᠯᠡᠳᠡᠭᠡᠵᠦ᠂ ᠪᠠᠶᠢᠴᠠᠭᠠᠨ ᠲᠣᠳᠣᠯᠠᠬᠤ ᠳᠤ ᠪᠡᠯᠡᠳᠬᠡᠨ᠎ᠡ᠃ | ︵ ᠬᠤᠶᠠᠷ ︶ ᠡᠯᠰᠡᠭᠳᠡᠬᠦ ᠪᠦᠳᠦᠭᠡᠯ ᠤᠨ ᠪᠦᠲᠦᠭᠡᠯᠴᠢ ᠰᠡᠳᠬᠢᠮᠵᠢ ᠨᠢ ᠠᠳᠠᠯᠢ ᠪᠠᠶᠢᠪᠠᠯ ᠂ ᠡᠬᠡ ᠪᠢᠴᠢᠭ ᠢ | ᠤᠷᠢᠳᠠᠪᠠᠷ ᠬᠤᠷᠢᠶᠠᠭᠰᠠᠨ ᠢᠶᠠᠷ ᠪᠠᠷᠢᠮᠵᠢᠶ᠎ᠠ ᠪᠣᠯᠭᠠᠨ᠎ᠠ ᠃ ᠰᠣᠩᠭᠤᠭᠤᠯᠢ ᠳᠤ ᠣᠷᠣᠯᠴᠠᠭᠰᠠᠨ ᠪᠤᠢ ᠪᠦᠬᠦᠢ | ᠪᠦᠲᠦᠭᠡᠯ ᠳᠤ ᠬᠠᠭᠤᠯᠬᠤ ᠂ ᠬᠤᠯᠠᠭᠠᠶᠢᠯᠠᠬᠤ ᠵᠡᠷᠭᠡ ᠡᠷᠬᠡ ᠳᠤ ᠬᠠᠯᠳᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ | ᠦᠭᠡᠢ ᠂ ᠬᠡᠷᠪᠡ ᠡᠷᠬᠡ ᠳᠤ ᠬᠠᠯᠳᠠᠭᠰᠠᠨ ᠬᠠᠷᠢᠭᠤᠴᠠᠯᠭ᠎ᠠ ᠲᠠᠢ ᠪᠣᠯ ᠥᠪᠡᠷ ᠢᠶᠠᠨ ᠬᠠᠷᠢᠭᠤᠴᠠᠨ᠎ᠠ ᠃ | ︵ ᠭᠤᠷᠪᠠ ︶ ᠡᠯᠰᠡᠨ ᠴᠤᠭᠯᠠᠭᠤᠯᠬᠤ ᠬᠦᠷᠢᠶᠡᠨ ᠳᠤ ᠣᠷᠣᠭᠰᠠᠨ ᠬᠡᠷᠡᠭᠯᠡᠭᠡᠨ ᠤ ᠪᠦᠲᠦᠭᠡᠯ ᠤᠨ ᠥᠮᠴᠢᠯᠡᠬᠦ | ᠡᠷᠬᠡ ᠂ ᠬᠡᠷᠡᠭᠯᠡᠬᠦ ᠡᠷᠬᠡ ᠪᠠ ᠵᠣᠬᠢᠶᠠᠯ ᠪᠦᠲᠦᠭᠡᠯ ᠤᠨ ᠡᠷᠬᠡ ᠨᠢ ᠴᠥᠮ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠳᠤ | ᠥᠮᠴᠢᠯᠡᠭᠳᠡᠬᠦ ᠶᠢᠨ ᠬᠠᠮᠲᠤ ᠶᠠᠮᠠᠷᠪᠠ ᠬᠡᠯᠪᠡᠷᠢ ᠪᠠᠷ ᠬᠡᠷᠡᠭᠯᠡᠬᠦ ᠂ ᠨᠡᠭᠡᠭᠡᠨ ᠠᠰᠢᠭᠯᠠᠬᠤ ᠂ ᠵᠠᠰᠠᠪᠤᠷᠢ ᠣᠷᠣᠭᠤᠯᠬᠤ ᠵᠡᠷᠭᠡ | ᠠᠵᠢᠯ ᠢ ᠬᠢᠬᠦ ᠡᠷᠬᠡ ᠲᠠᠢ ᠃ | ︵ ᠲᠤᠶᠢᠷᠪᠡ ︶ ᠱᠠᠩᠨᠠᠯ ᠣᠯᠣᠭᠰᠠᠳ ᠰᠣᠩᠭᠤᠨ ᠬᠡᠷᠡᠭᠯᠡᠭᠰᠡᠨ ᠪᠦᠲᠦᠭᠡᠯ ᠢᠶᠠᠨ ᠭᠤᠷᠪᠠᠳᠠᠭᠢ ᠡᠲᠡᠭᠡᠳ ᠲᠤ | ᠲᠡᠬᠢᠠ ᠰᠢᠯᠵᠢᠭᠦᠯᠦᠨ ᠥᠭᠴᠦ ᠬᠡᠷᠡᠭᠯᠡᠭᠦᠯᠵᠦ ᠪᠣᠯᠬᠤ ᠦᠭᠡᠢ᠂ ᠡᠰᠡ ᠲᠡᠭᠡᠪᠡᠯ ᠡᠭᠦᠨ ᠠᠴᠠ ᠪᠣᠯᠤᠭᠰᠠᠨ ᠠᠯᠢᠪᠠ | ᠬᠠᠤᠯᠢ ᠴᠠᠭᠠᠵᠠ ᠶᠢᠨ ᠵᠢᠭᠤᠷᠠᠯᠳᠤᠭᠠᠨ ᠢ ᠡᠬᠡ ᠪᠢᠴᠢᠭ ᠲᠤᠰᠢᠶᠠᠭᠴᠢ ᠥᠪᠡᠷ ᠢᠶᠠᠨ ᠬᠠᠷᠢᠭᠤᠴᠠᠨ᠎ᠠ ᠃ | ︵ ᠲᠠᠪᠤ ︶ ᠡᠬᠡ ᠪᠢᠴᠢᠭ ᠲᠤᠰᠢᠶᠠᠭᠴᠢᠳ ᠢ ᠴᠥᠮ ᠲᠤᠰ ᠮᠡᠳᠡᠭᠳᠡᠯ ᠤᠨ ᠪᠤᠢ ᠪᠦᠬᠦᠢ ᠵᠦᠢᠯ ᠵᠣᠷᠪᠤᠰ ᠢ | ᠵᠥᠪᠰᠢᠶᠡᠷᠡᠭᠰᠡᠨ ᠢᠶᠠᠷ ᠦᠵᠡᠨ᠎ᠡ ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ︵ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ︶ ᠶᠢᠨ ᠨᠠᠷᠠᠲᠤ ᠲᠡᠮᠳᠡᠭᠲᠦ ᠶᠢᠨ | ᠤᠬᠠᠭᠤᠯᠭ᠎ᠠ ᠶᠢᠨ ᠦᠭᠡ ᠶᠢᠨ ᠬᠠᠮᠤᠭ ᠡᠴᠦᠰ ᠤᠨ ᠲᠣᠭᠲᠠᠭᠠᠬᠤ ᠡᠷᠬᠡ ᠲᠠᠢ ᠪᠠᠶᠢᠵᠤ᠂ ᠲᠣᠰ ᠤᠳᠠᠭᠠᠨ ᠤ ᠡᠯᠰᠡᠨ | ᠴᠤᠭᠯᠠᠭᠤᠯᠬᠤ ᠠᠵᠢᠯᠯᠠᠭ᠎ᠠ ᠳᠤ ᠬᠠᠮᠤᠭ ᠡᠴᠦᠰ ᠤᠨ ᠲᠠᠶᠢᠯᠪᠤᠷᠢᠯᠠᠬᠤ ᠡᠷᠬᠡ ᠲᠠᠢ᠃ | ᠨᠠᠢᠮᠠ ᠂ ᠬᠠᠷᠢᠯᠴᠠᠬᠤ ᠠᠷᠭ᠎ᠠ ᠬᠡᠯᠪᠡᠷᠢ | ᠬᠠᠷᠢᠯᠴᠠᠬᠤ ᠬᠥᠮᠥᠨ᠄ ᠸᠠᠩ ᠮᠢᠨ | ᠬᠠᠷᠢᠯᠴᠠᠬᠤ ᠤᠲᠠᠰᠤ᠄ 15771396377 | ᠢᠮᠧᠯ ᠄ nmgppjs@163.com | | ᠳᠠᠭᠠᠯᠳᠤᠭᠤᠯᠤᠯ᠄ 1. ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ | ᠤᠬᠠᠭᠤᠯᠭ᠎ᠠ ᠶᠢᠨ ᠦᠭᠡ ᠡᠯᠰᠡᠨ ᠴᠤᠭᠯᠠᠭᠤᠯᠬᠤ ᠬᠦᠰᠦᠨᠦᠭᠲᠦ | 2. ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭᠲᠦ ᠶᠢᠨ ᠤᠬᠠᠭᠤᠯᠭ᠎ᠠ ᠶᠢᠨ | ᠦᠭᠡ ᠶᠢᠨ ᠠᠮᠠᠯᠠᠯᠲᠠ ᠶᠢᠨ ᠪᠢᠴᠢᠭ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2023 ᠣᠨ ᠤ 2 ᠰᠠᠷ᠎ᠠ ᠶᠢᠨ 20 ᠤ ᠡᠳᠦᠷ | |