ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠲᠤᠰᠬᠠᠢ ᠪᠠᠶᠢᠴᠠᠭᠠᠵᠠᠢ
ᠨᠡᠶᠢᠲᠡᠯᠡᠭᠰᠡᠨ ᠴᠠᠭ᠄
2023/2/22
      ᠬᠠᠪᠦᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠣᠶᠢᠷᠠᠳᠬᠤ ᠪᠠᠷ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ᠂ ᠲᠠᠷᠢᠶᠠᠴᠢᠳ ᠤᠨ ᠴᠢᠨᠠᠷ ᠰᠠᠶᠢᠲᠠᠢ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠬ᠊ ᠤᠶᠢ ᠦᠨᠡᠨ ᠬᠦ ᠪᠠᠳᠤᠯᠠᠬᠤ ᠶᠢᠨ ᠲᠦᠯᠦᠬᠡ᠂ ᠤᠢᠷ᠎ᠠ ᠶᠢᠨ ᠡᠳᠦᠷ ᠬᠤᠷᠴᠢᠨ ᠵᠡᠬᠦᠨ ᠭᠠᠷᠤᠨ ᠲᠤᠮᠳᠠᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠲᠤᠰᠬᠠᠢ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠤᠭᠠᠳ ᠂ ᠬᠠᠷᠢᠶᠠᠨ ᠳᠠᠬᠢ ᠳᠤᠰᠤᠯᠭᠠᠨ ᠤᠰᠤᠯᠠᠬᠤ ᠰᠦᠯᠢᠶᠤᠤ ᠬᠤᠭᠤᠯᠠᠢ᠂ ᠬᠢᠮᠢ ᠶᠢᠨ ᠪᠣᠷᠲᠣᠭᠤᠷ ᠦᠢᠯᠡᠳᠪᠦᠷᠢᠯᠡᠬᠦ ᠠᠵᠦ ᠠᠬᠤᠶᠢᠯᠠᠯ ᠳᠤ ᠭᠦᠨᠵᠡᠭᠡᠶᠢᠷᠡᠨ ᠲᠤᠰᠬᠠᠢ ᠪᠠᠶᠢᠴᠠᠭᠠᠯᠲᠠ ᠦᠷᠨᠢᠭᠦᠯᠪᠠ᠃      ᠲᠤᠰ ᠤᠳᠠᠭᠠᠨ ᠤ ᠪᠠᠶᠢᠴᠠᠭᠠᠯᠲᠠ ᠳᠤ ᠂ ᠬᠠᠤᠯᠢ ᠬᠡᠷᠡᠭᠵᠢᠬᠦᠯᠬᠦ ᠠᠵᠢᠯᠲᠠᠨ ᠳᠤᠰᠤᠯᠭᠠᠨ ᠤᠰᠤᠯᠠᠬᠤ ᠰᠦᠯᠢᠶᠤᠤ ᠬᠤᠭᠤᠯᠠᠢ ᠦᠢᠯᠡᠳᠪᠦᠷᠢᠯᠡᠬᠦ ᠠᠵᠦ ᠠᠬᠤᠶᠢᠯᠠᠯ ᠪᠦᠳᠦᠬᠡᠭᠳᠡᠬᠦᠨ ᠢ ᠦᠢᠯᠡᠳᠪᠦᠷᠢ ᠠᠴᠠ ᠭᠠᠷᠭᠠᠬᠤ ᠰᠢᠯᠭᠠᠨ ᠪᠠᠶᠢᠴᠠᠭᠠᠯᠲᠠ ᠶᠢᠨ ᠲᠡᠮᠳᠡᠭᠯᠡᠯ᠂ ᠬᠢᠷᠢ ᠲᠡᠩᠴᠡᠭᠰᠡᠨ ᠦᠨᠡᠮᠯᠡᠯ ᠤᠨ ᠢᠯᠡᠷᠭᠡᠶᠢᠯᠡᠯᠲᠡ ᠶᠢᠨ ᠠᠭᠤᠯᠭ᠎ᠠ᠂ ᠬᠦᠮᠦᠷᠭᠡ ᠳᠠᠬᠢ ᠬᠠᠳᠠᠭᠠᠯᠠᠮᠵᠢ ᠵᠢᠴᠢ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠵᠡᠷᠬᠡ ᠶᠢ ᠭᠤᠤᠯᠳᠠᠯᠭ᠎ᠠ ᠲᠠᠢ ᠪᠠᠶᠢᠴᠠᠭᠠᠭᠰᠠᠨ ᠪᠦᠬᠡᠳ ᠬᠢᠮᠢ ᠶᠢᠨ ᠪᠤᠷᠳᠤᠭᠤᠷ ᠦᠢᠯᠡᠳᠪᠦᠷᠢᠯᠡᠬᠦ ᠠᠵᠦ ᠠᠬᠤᠶᠢᠯᠠᠯ ᠤᠨ ᠤᠳᠤ ᠶᠢᠨ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ᠂ ᠪᠤᠭᠤᠳᠠᠯ ᠲᠡᠭᠡᠷᠡᠬᠢ ᠡᠾᠯᠤᠷ ᠤᠨ ᠠᠭᠤᠯᠤᠭᠳᠠᠴᠠ ᠶᠢᠨ ᠢᠯᠡᠷᠬᠡᠶᠢᠯᠡᠯᠲᠡ ᠂ ᠲᠤᠷᠰᠢᠯᠳᠠ ᠶᠢᠨ ᠲᠠᠰᠤᠭ ᠤᠨ ᠰᠢᠯᠭᠠᠨ ᠪᠠᠶᠢᠴᠠᠭᠠᠬᠤ ᠠᠵᠢᠯᠲᠡᠳ ᠤᠨ ᠰᠢᠯᠭᠠᠨ ᠪᠠᠶᠢᠴᠠᠭᠠᠯᠲᠠ ᠶᠢᠨ ᠬᠢᠷᠢ ᠲᠦᠪᠰᠢᠨ ᠵᠡᠷᠬᠡ ᠶᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠪᠠ ᠃ ᠠᠵᠦ ᠠᠬᠤᠶᠢᠯᠠᠯ ᠳᠤ ᠪᠠᠶᠢᠴᠠᠭᠠᠬᠤ ᠶᠠᠪᠤᠴᠠ ᠳᠤ ᠂ ᠬᠠᠤᠯᠢ ᠬᠡᠷᠡᠭᠵᠢᠭᠦᠯᠬᠦ ᠠᠵᠢᠯᠳᠠᠨ ᠪᠠᠰᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ︽ᠲᠠᠷᠢᠶᠠᠯᠠᠩ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠠᠷᠭ᠎ᠠ︾᠂ ︽ᠦᠢᠯᠡᠳᠭᠦᠨ ᠤ ᠶᠠᠰᠤ ᠴᠢᠨᠠᠷ ᠤᠨ ᠬᠠᠤᠯᠢ︾ ᠵᠡᠷᠬᠡ ᠬᠠᠤᠯᠢ ᠴᠠᠭᠠᠵᠠ ᠬᠠᠤᠯᠢ ᠲᠦᠷᠢᠮ ᠤᠨ ᠮᠡᠳᠡᠯᠬᠡ ᠶᠢ ᠤᠬᠠᠭᠤᠯᠵᠦ᠂ ᠲᠡᠳᠡᠨᠡᠷ ᠤᠨ ᠬᠠᠤᠯᠢ ᠶᠣᠰᠤᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠦᠨᠡᠨᠴᠢ ᠢᠲᠡᠭᠡᠮᠵᠢᠲᠡᠶ ᠡᠵᠡᠩᠨᠡᠬᠦ ᠶᠢ ᠬᠦᠳᠦᠯᠦᠨ ᠵᠢᠯᠤᠭᠤᠳᠪᠠ᠃      ᠤᠳᠤᠬᠠᠨ ᠪᠤᠯᠳᠠᠯ᠎ᠠ᠂ ᠲᠤᠰ ᠲᠤᠪᠴᠢᠶ᠎ᠠ 12 ᠬᠦᠮᠦᠨ ᠤᠳᠠᠭ᠎ᠠ ᠬᠠᠤᠯᠢ ᠬᠡᠷᠡᠭᠵᠢᠬᠦᠯᠬᠦ ᠠᠵᠢᠯᠲᠡᠨ ᠢ ᠬᠦᠳᠡᠯᠬᠡᠵᠦ᠂ 5 ᠳᠤᠰᠤᠯᠭᠠᠨ ᠤᠰᠤᠯᠠᠬᠤ ᠰᠦᠯᠢᠶᠤᠤ ᠬᠤᠭᠤᠯᠠᠢ ᠦᠢᠯᠡᠳᠪᠦᠷᠢᠯᠡᠬᠦ ᠠᠵᠦ ᠠᠬᠤᠶᠢᠯᠠᠯ ᠂ 2 ᠬᠢᠮᠢ ᠶᠢᠨ ᠪᠣᠷᠲᠣᠭᠤᠷ ᠤᠨ ᠦᠢᠯᠡᠳᠪᠦᠷᠢ ᠶᠢ ᠪᠠᠶᠢᠴᠠᠭᠠᠵᠠᠢ ᠃ ᠪᠠᠶᠢᠴᠠᠭᠠᠬᠤ ᠳᠤᠮᠳᠠ ᠨᠢᠬᠡ ᠠᠵᠦ ᠠᠬᠤᠶᠢᠯᠠᠯ ᠤᠨ ᠦᠢᠯᠡᠳᠪᠦᠷᠢᠯᠡᠭᠰᠡᠨ ᠳᠤᠰᠤᠯᠭᠠᠨ ᠤᠰᠤᠯᠠᠬᠤ ᠰᠦᠯᠢᠶᠤᠤ ᠬᠤᠭᠤᠯᠠᠢ ᠶᠢᠨ ᠬᠢᠷᠢ ᠲᠡᠩᠴᠡᠭᠰᠡᠨ ᠦᠨᠡᠮᠯᠡᠯ ᠤᠨ ᠮᠡᠳᠡᠭᠡ ᠵᠠᠩᠬᠢ ᠨᠢ ᠤᠨᠤᠪᠴᠢ ᠦᠬᠡᠢ ᠪᠠᠶᠢᠬᠤ ᠶᠢ ᠢᠯᠡᠷᠡᠬᠦᠯᠵᠦ᠂ ᠲᠡᠷᠨ ᠲᠠᠷᠤᠢ  ᠳᠤᠨᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号