ᠯᠦᠩ ᠵᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ︽2022 ᠣᠨ ᠤ ᠳᠤᠮᠳᠠᠳᠤ ᠤᠯᠤᠰ ᠤᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ 500 ᠬᠦᠴᠦᠷᠬᠡᠭ︾ ᠲᠤ ᠵᠢᠭᠰᠠᠭᠠᠭᠳᠠᠵᠠᠢ
ᠨᠡᠶᠢᠲᠡᠯᠡᠭᠰᠡᠨ ᠴᠠᠭ᠄
2023/2/23
      ᠣᠶᠢᠷ᠎ᠠ ᠳᠤ ᠲᠠᠷᠢᠶᠠᠴᠢᠨ ᠤ ᠡᠳᠦᠷ ᠤᠨ ᠰᠣᠨᠢᠨ ︽2022 ᠣᠨ ᠤ ᠳᠤᠮᠳᠠᠳᠤ ᠤᠯᠤᠰ ᠤᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ︾ ᠶᠢ ᠨᠡᠶᠢᠲᠡᠯᠡᠵᠦ ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠦ ᠬᠤᠰᠢᠭᠤᠨ ᠤ ᠡᠯ ᠳ᠋ᠤᠤ ᠴᠢᠶᠣᠤ ᠪᠠᠯᠭᠠᠰᠤᠨ ᠤ ᠯᠦᠩ ᠵᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠡᠨᠡ ᠬᠦ ᠵᠢᠭᠰᠠᠭᠠᠯᠲᠠ ᠳᠤ ᠰᠤᠩᠭᠤᠭᠳᠠᠭᠰᠠᠨ ᠪᠠᠶᠢᠨ᠎ᠠ ᠃      ᠯᠦᠩ ᠵᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ︽ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠵᠦ᠂ ᠲᠠᠷᠢᠶᠠᠴᠢᠨ ᠡᠷᠦᠬᠡ ᠲᠤᠰᠬᠠᠢ ᠬᠤᠷᠰᠢᠶᠠᠨ ᠳᠤ ᠬᠦᠯᠦᠰᠦᠨ ᠠᠵᠢᠯ ᠬᠢᠬᠦ︾ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠲᠠ ᠥᠬᠡᠶ ᠤᠷᠲᠤᠳᠬᠠᠨ᠂ ᠳᠠᠷᠢᠬᠤ᠂ ᠬᠦᠮᠦᠨ ᠤ ᠬᠦᠴᠦ ᠪᠠᠷ ᠡᠪᠡᠰᠦ ᠠᠷᠢᠯᠭᠠᠬᠤ᠂ ᠬᠠᠳᠤᠵᠤ ᠬᠤᠷᠢᠶᠠᠬᠤ᠂ ᠪᠣᠭᠤᠳᠠᠯᠯᠠᠨ ᠪᠣᠷᠣᠯᠠᠭᠤᠯᠬᠤ ᠵᠡᠷᠭᠡ ᠡᠯ᠎ᠡ ᠠᠵᠢᠯ ᠤᠨ ᠭᠤᠭᠴᠤᠭᠠᠨ ᠳᠤ ᠬᠦᠯᠦᠰᠦᠨ ᠠᠵᠢᠯ ᠬᠢᠬᠦ ᠳᠤ ᠣᠶᠢᠷ᠎ᠠ ᠬᠠᠪᠢ ᠳᠠᠭᠠᠨ ᠠᠵᠢᠯ ᠣᠯᠬᠤ ᠶᠢ ᠪᠡᠶᠡᠯᠡᠭᠦᠯᠪᠡ᠃ ᠣᠲᠣ ᠪᠣᠯᠲᠠᠯ᠎ᠠ᠂ ᠲᠤᠰ ᠬᠤᠷᠰᠢᠶ᠎ᠠ 20 ᠭᠠᠷᠤᠶ ᠳᠤᠭᠤᠶᠢᠯᠠᠩ ᠤᠨ ᠳᠠᠷᠤᠭ᠎ᠠ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ ᠂ 100 ᠭᠠᠷᠤᠶ ᠲᠠᠷᠢᠶᠠᠴᠢᠨ ᠡᠷᠦᠬᠡ ᠳᠤ ᠬᠤᠶᠠᠳᠠᠬᠢ ᠠᠵᠢᠯ ᠣᠯᠭᠤᠬᠤ ᠲᠣᠬᠢᠶᠠᠯ ᠬᠠᠩᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠤᠰᠬᠤᠨ ᠤ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠶᠢ ᠪᠦᠲᠦᠮᠵᠢᠲᠡᠶ ᠳᠠᠶᠢᠴᠢᠯᠠᠭᠰᠠᠨ ᠪᠠᠶᠢᠨ᠎ᠠ ᠃
19.png
            ᠯᠦᠩ ᠵᠧᠩ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠲᠠᠷᠢᠭᠰᠠᠨ ᠯᠠᠵᠤᠤ ᠬᠡᠷᠡᠭᠯᠡᠭᠴᠢᠳ ᠤᠨ ᠬᠦᠷᠢᠶᠡᠯᠡᠯ ᠢ ᠤᠯᠵᠤ ᠪᠤᠢ      ᠰᠤᠷᠪᠤᠯᠵᠢᠯᠠᠭᠴᠢ ᠲᠡᠭᠦᠰᠪᠢᠯᠢᠭ ᠰᠡᠭᠦᠳᠡᠷᠯᠡᠪᠡ      ᠣᠶᠢᠯᠠᠭᠠᠭᠰᠠᠨ ᠢᠶᠠᠷ ᠂ ︽ᠳᠤᠮᠳᠠᠳᠤ ᠤᠯᠤᠰ ᠤᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ 500 ᠬᠦᠴᠦᠷᠬᠡᠭ︾ ᠪᠣᠯ ᠲᠠᠷᠢᠶᠠᠴᠢᠨ ᠤ ᠡᠳᠦᠷ ᠤᠨ ᠰᠣᠨᠢᠨ ᠤ ᠬᠤᠷᠢᠶᠠᠨ ᠤ ᠰᠠᠨᠠᠭᠠᠴᠢᠯᠠᠭᠰᠠᠨ ᠰᠢᠨ᠎ᠡ ᠬᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠦᠭᠵᠢᠯᠲᠡ ᠶᠢ ᠦᠨᠡᠯᠡᠬᠦ ᠠᠵᠢᠯᠯᠠᠭ᠎ᠠ ᠪᠣᠯᠤᠨ᠎ᠠ᠃ 2018 ᠣᠨ ᠠᠴᠠ ᠣᠲᠣ ᠪᠣᠯᠲᠠᠯ᠎ᠠ᠂ ᠨᠢᠭᠡᠨᠲᠡ ᠲᠠᠪᠤᠨ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠯᠠᠩ ᠤᠨ ᠠᠵᠤ ᠠᠬᠤᠶᠢᠯᠠᠯ ᠤᠨ 500 ᠬᠦᠴᠦᠷᠬᠡᠭ᠂ ᠳᠥᠷᠪᠡᠨ ᠬᠤᠭᠤᠴᠠᠭᠠᠨ ᠤ ᠳᠤᠮᠳᠠᠳᠤ ᠤᠯᠤᠰ ᠤᠨ ᠲᠠᠷᠢᠶᠠᠴᠢᠨ ᠤ ᠲᠤᠰᠬᠠᠢ ᠬᠤᠷᠰᠢᠶ᠎ᠠ ᠶᠢᠨ 500 ᠬᠦᠴᠦᠷᠬᠡᠭ ᠢ ᠦᠨᠡᠯᠡᠬᠦ ᠠᠵᠢᠯᠯᠠᠭ᠎ᠠ ᠡᠷᠭᠢᠯᠡᠵᠦ᠂ ᠬᠤᠯᠪᠣᠭᠳᠠᠯ ᠪᠥᠬᠦᠶ ᠦᠨᠡᠯᠡᠯᠲᠡ ᠶᠢᠨ ᠠᠭᠤᠯᠭ᠎ᠠ ᠡᠳᠦᠷ ᠢᠷᠡᠬᠦᠶ᠎ᠡ ᠲᠡᠭᠦᠯᠳᠡᠷᠵᠢᠵᠦ᠂ ᠬᠠᠮᠤᠷᠬᠤ ᠬᠦᠷᠢᠶ᠎ᠡ ᠲᠠᠰᠤᠷᠠᠯᠲᠠ ᠥᠬᠡᠶ ᠥᠷᠭᠡᠵᠢᠨ᠂ ᠨᠡᠷᠡᠰ ᠤᠨ ᠵᠢᠭᠰᠠᠭᠠᠯᠲᠠ ᠶᠢᠨ ᠡᠷᠬᠡ ᠰᠦᠷᠲᠦ ᠴᠢᠨᠠᠷ ᠢᠯᠡᠳᠲᠡ ᠳᠡᠭᠡᠭᠰᠢᠯᠡᠵᠦ᠂ ᠣᠳᠣᠬᠢ ᠱᠠᠲᠤᠨ ᠳᠤ ᠨᠢᠭᠡᠨᠲᠡ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠯᠲᠡ ᠪᠠ ᠬᠥᠳᠡᠭᠡ ᠲᠤᠰᠬᠤᠨ ᠤ ᠠᠵᠤ ᠦᠢᠯᠡᠰ ᠤᠨ ᠬᠦᠭᠵᠢᠯᠲᠡ ᠶᠢ ᠠᠵᠢᠭᠯᠠᠬᠤ ᠴᠢᠬᠤᠯᠠ ᠴᠤᠩᠬᠤᠪᠴᠢ ᠪᠣᠯᠤᠭᠰᠠᠨ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号