ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ 2022 ᠣᠨ ᠤ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠶᠠᠰᠤ ᠴᠢᠨᠠᠷ ᠢ ᠦᠨᠡᠯᠡᠨ ᠬᠢᠨᠠᠬᠤ ᠬᠠᠷᠢᠭᠤ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/24
      2 ᠰᠠᠷ᠎ᠠ ᠶᠢᠨ 23 ᠤ ᠡᠳᠦᠷ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠢᠨᠠᠯᠲᠠ ᠬᠠᠮᠢᠶᠠᠷᠤᠯᠲᠠ ᠶᠢᠨ ᠭᠠᠵᠠᠷ 2022 ᠣᠨ ᠤ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠶᠠᠰᠤ ᠴᠢᠨᠠᠷ ᠢ ᠦᠨᠡᠯᠡᠨ ᠬᠢᠨᠠᠬᠤ ᠲᠥᠷᠥᠯ ᠵᠦᠢᠯ ᠤᠨ ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃
16.1.jpg
       ᠬᠤᠷᠠᠯ ᠠᠴᠠ ᠬᠤᠨᠢᠨ ᠮᠢᠬ᠎ᠠ ᠂ ᠲᠦᠭᠦᠬᠡᠢ ᠰᠢᠨ᠎ᠡ ᠰᠦ᠂ ᠲᠤᠲᠤᠷᠭ᠎ᠠ ᠂ ᠨᠠᠷᠢᠮᠤ ᠂ ᠲᠥᠮᠥᠰᠥ ᠶᠢᠨ ᠶᠠᠰᠤ ᠴᠢᠨᠠᠷ ᠢ ᠦᠨᠡᠯᠡᠨ ᠬᠢᠨᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠰᠣᠨᠣᠰᠴᠠᠢ ᠃ ᠡᠭᠦᠨ ᠤ ᠬᠠᠮᠲᠤ ᠶᠠᠰᠤ ᠴᠢᠨᠠᠷ ᠢ ᠦᠨᠡᠯᠡᠨ ᠬᠢᠨᠠᠵᠦ ᠰᠢᠯᠭᠠᠨ ᠬᠡᠮᠵᠢᠭᠰᠡᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ᠂ ᠬᠠᠷᠢᠴᠠᠭᠤᠯᠤᠨ ᠵᠠᠳᠠᠯᠤᠭᠰᠠᠨ ᠦᠷ᠎ᠡ ᠳ᠋ᠦᠩ ᠪᠠ ᠣᠨᠴᠠᠯᠢᠭᠲᠤ ᠭᠦᠢᠴᠡᠳᠬᠡᠯ ᠲᠤᠭ᠎ᠠ ᠶᠢ ᠠᠭᠤᠳᠠᠯᠬᠤ ᠵᠡᠷᠭᠡ ᠲᠠᠯ᠎ᠠ ᠪᠠᠷ ᠭᠦᠢᠴᠡᠳ ᠶᠠᠷᠢᠯᠴᠠᠪᠠ ᠃ ᠬᠤᠷᠠᠯ ᠠᠴᠠ ᠳᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠳᠤᠷᠠᠳᠴᠠᠢ ᠃ ᠨᠢᠭᠡ ᠳᠤ ᠬᠤᠷᠠᠯ ᠠᠴᠠ ᠳᠤᠷᠠᠳᠤᠭᠰᠠᠨ ᠰᠠᠨᠠᠯ ᠰᠠᠨᠠᠭᠤᠯᠭ᠎ᠠ ᠲᠠᠢ ᠤᠶᠠᠯᠳᠤᠭᠤᠯᠤᠨ ᠣᠨ ᠤ ᠵᠠᠳᠠᠯᠤᠯᠲᠠ ᠶᠢᠨ ᠲᠤᠭ᠎ᠠ ᠪᠠᠷᠢᠮᠲᠠ ᠶᠢ ᠲᠡᠭᠦᠯᠳᠡᠷᠵᠢᠭᠦᠯᠦᠨ᠎ᠡ ︔ ᠬᠤᠶᠠᠷ ᠲᠤ ᠲᠤᠭ᠎ᠠ ᠪᠠᠷᠢᠮᠲᠠ ᠶᠢ ᠵᠠᠳᠠᠯᠤᠭᠰᠠᠨ ᠰᠠᠭᠤᠷᠢᠨ ᠳᠡᠭᠡᠷ᠎ᠡ ᠶᠠᠰᠤ ᠴᠢᠨᠠᠷ ᠢ ᠦᠨᠡᠯᠡᠨ ᠬᠢᠨᠠᠭᠰᠠᠨ ᠮᠡᠳᠡᠭᠦᠯᠦᠯᠲᠡ ᠶᠢ ᠭᠠᠷᠭᠠᠨ᠎ᠠ︔ ᠭᠤᠷᠪᠠ ᠳᠤ ᠭᠤᠷᠪᠠᠨ ᠵᠢᠯ ᠤᠨ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠴᠤᠭᠯᠠᠭᠤᠯᠵᠤ᠂ ᠥᠪᠥᠷ ᠮᠣᠩᠭᠤᠯ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠶᠠᠰᠤ ᠴᠢᠨᠠᠷ ᠤᠨ ᠭᠦᠢᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠳᠤ ᠰᠠᠶᠢᠲᠤᠷ ᠪᠡᠯᠡᠳᠬᠡᠯ ᠬᠢᠨ᠎ᠡ᠃
16.2.jpg
       ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠥᠪ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠤᠨ ᠰᠤᠳᠤᠯᠭᠠᠨ ᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠭᠠᠵᠠᠷ ᠪᠠ ᠥᠪᠥᠷ ᠮᠣᠩᠭᠤᠯ ᠤᠨ ᠫᠦ᠋ ᠨᠢ ᠰᠢᠯᠭᠠᠨ ᠲᠤᠷᠰᠢᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠨᠡᠶᠢᠲᠡ 23 ᠬᠥᠮᠥᠨ ᠲᠣᠰ ᠤᠳᠠᠭᠠᠨ ᠤ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠤᠯᠴᠠᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号