ᠨᠠᠢᠮᠠᠨ ᠬᠤᠰᠢᠭᠤ ᠲᠠᠷᠢᠶᠠᠴᠢᠳ ᠲᠤ ᠵᠢᠮᠢᠰ ᠤᠨ ᠮᠣᠳᠤᠨ ᠤ ᠬᠠᠪᠣᠷ ᠤᠨ ᠣᠯᠠᠷᠢᠯ ᠤᠨ ᠠᠷᠠᠴᠢᠯᠠᠬᠤ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/2/24
      ᠣᠶᠢᠷ᠎ᠠ ᠶᠢᠨ ᠡᠳᠦᠷ ᠨᠠᠢᠮᠠᠨ ᠬᠤᠰᠢᠭᠤᠨ ᠤ ᠬᠢᠨ ᠵᠢᠮᠢᠰ ᠤᠨ ᠮᠣᠳᠤᠨ ᠤ ᠬᠠᠪᠤᠷ ᠤᠨ ᠤᠯᠠᠷᠢᠯ ᠤᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠠᠭ ᠮᠦᠴᠡ ᠶᠢ ᠠᠮᠵᠢᠵᠤ᠂ ᠵᠢᠮᠢᠰ ᠤᠨ ᠮᠣᠳᠤᠨ ᠤ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠂ ᠲᠠᠷᠢᠶᠠᠨ ᠭᠠᠵᠠᠷ ᠲᠤ ᠭᠦᠨᠵᠡᠭᠡᠶᠢᠷᠡᠵᠦ ᠂ ᠵᠢᠮᠢᠰ ᠤᠨ ᠮᠣᠳᠤᠨ ᠤ ᠬᠠᠪᠣᠷ ᠤᠨ ᠣᠯᠠᠷᠢᠯ ᠤᠨ ᠠᠷᠠᠴᠢᠯᠠᠬᠤ ᠪᠣᠯᠪᠠᠰᠤᠷᠠᠯ ᠡᠷᠬᠢᠯᠡᠵᠤ᠂ ᠵᠢᠮᠢᠰ ᠤᠨ ᠲᠠᠷᠢᠶᠠᠴᠢᠳ ᠤᠨ ᠵᠢᠯ ᠤᠨ ᠣᠷᠣᠯᠭ᠎ᠠ ᠶᠢ ᠪᠠᠳᠣᠤᠠᠬᠠᠬᠤ ᠳᠤ ᠰᠠᠭᠤᠷᠢ ᠲᠠᠯᠪᠢᠨ ᠦᠭᠴᠤ ᠪᠤᠢ᠃     ᠬᠤᠩᠬᠤᠷᠲᠠᠯ᠎ᠠ ᠰᠣᠮᠤᠨ ᠤ ᠰᠢᠨ ᠹᠠ ᠲᠤᠰᠬᠤᠨ ᠤ ᠵᠠᠩ ᠶᠦᠩ ᠵᠢᠶᠦ᠋ᠨ ᠤ ᠵᠢᠮᠢᠰ ᠤᠨ ᠬᠦᠷᠢᠶᠡᠯᠡᠩ ᠳᠤ ᠂ ᠬᠤᠰᠢᠭᠤᠨ ᠤ ᠤᠢ ᠰᠢᠭᠤᠢ ᠨᠤᠳᠤᠬ ᠪᠡᠯᠴᠢᠭᠡᠷ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠵᠢᠮᠢᠰ ᠤᠨ ᠮᠣᠳᠤᠨ ᠤ ᠬᠠᠪᠤᠷ ᠤᠨ ᠤᠯᠠᠷᠢᠯ ᠤᠨ ᠬᠠᠮᠢᠶᠠᠷᠤᠯᠲᠠ ᠶᠢᠨ ᠮᠡᠷᠭᠡᠵᠢᠯ ᠢ ᠲᠠᠶᠢᠯᠪᠤᠷᠢᠯᠠᠵᠤ ᠂ ᠵᠢᠮᠢᠰ ᠤᠨ ᠮᠣᠳᠣ ᠶᠢ ᠬᠠᠶᠢᠴᠢᠯᠠᠨ ᠵᠠᠰᠠᠬᠤ᠂ ᠡᠪᠡᠳᠴᠢᠨ ᠬᠤᠷᠤᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠳᠤ ᠴᠢᠭᠯᠡᠭᠦᠯᠦᠨ ᠲᠤᠬᠠᠢ ᠶᠢᠨ ᠲᠠᠯᠠᠪᠠᠢ ᠳᠤ ᠪᠣᠳᠠᠲᠠᠢ ᠰᠤᠷᠢᠯᠳᠠ ᠪᠣᠯᠪᠠᠰᠤᠷᠠᠯ ᠬᠢᠵᠦ᠂ ᠵᠢᠮᠢᠰ ᠤᠨ ᠲᠠᠷᠢᠶᠠᠴᠢᠳ ᠲᠤ ᠨᠠᠷᠢᠯᠢᠭ ᠬᠠᠮᠢᠶᠠᠷᠤᠯᠲᠠ ᠶᠢ ᠵᠢᠭᠠᠵᠤ ᠦᠭᠬᠦ ᠶᠢᠨ ᠬᠠᠮᠲᠤ ᠲᠡᠳᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠦᠭᠴᠦ ᠪᠠᠶᠢᠯ᠎ᠠ ᠃
20.png
           ᠡᠤ ᠴᠢᠩ ᠱᠠᠨ ᠰᠡᠭᠦᠳᠡᠷᠯᠡᠪᠡ       ︽ᠬᠠᠪᠤᠷ ᠤᠨ ᠤᠯᠠᠷᠢᠯ ᠳᠤ ᠵᠢᠮᠢᠰ ᠤᠨ ᠮᠣᠳᠣ ᠶᠢ ᠬᠠᠶᠢᠴᠢᠯᠠᠵᠦ ᠵᠠᠰᠠᠬᠤ ᠪᠣᠯ ᠮᠠᠰᠢ ᠴᠢᠬᠤᠯᠠ ᠶᠤᠮ᠂ ᠡᠨᠡ ᠤᠯᠠᠷᠢᠯ ᠳᠤ ᠪᠢᠳᠡ ᠬᠥᠳᠡᠭᠡ ᠪᠠᠭᠤᠵᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠡᠷᠬᠢᠯᠡᠵᠤ᠂ ᠵᠠᠷᠢᠮ ᠮᠡᠷᠭᠡᠵᠢᠯ ᠢ ᠵᠢᠮᠢᠰ ᠤᠨ ᠲᠠᠷᠢᠶᠠᠴᠢᠳ ᠤᠨ ᠴᠠᠭ ᠲᠤᠬᠠᠢ ᠳᠤᠨᠢ ᠤᠯᠠᠮᠵᠢᠯᠠᠵᠤ ᠦᠭᠳᠡᠭ ︾ ᠭᠡᠵᠦ ᠨᠠᠢᠮᠠᠨ ᠬᠤᠰᠢᠭᠤᠨ ᠤ ᠣᠶ ᠰᠢᠭᠤᠢ ᠨᠤᠳᠤᠬ ᠪᠡᠯᠴᠢᠭᠡᠷ ᠤᠨ ᠲᠣᠪᠴᠢᠶ᠎ᠠ ᠶᠢᠨ ᠠᠵᠢᠯᠳᠠᠨ ᠵᠧᠦ ᠴᠦᠨ ᠢᠦᠢ ᠬᠡᠯᠡᠨ᠎ᠡ᠃      ᠵᠠᠩ ᠶᠦᠩ ᠵᠢᠶᠦ᠋ᠨ᠄ ︽ᠥᠨᠥᠳᠥᠷ ᠮᠡᠷᠭᠡᠵᠢᠯ ᠤᠨ ᠠᠵᠢᠯᠲᠡᠳ ᠠᠴᠠ ᠨᠠᠳᠠ ᠳᠤ ᠰᠠᠯᠠᠭ᠎ᠠ ᠨᠠᠮᠠᠭ᠎ᠠ ᠬᠠᠶᠢᠴᠢᠯᠠᠬᠤ ᠮᠡᠷᠭᠡᠵᠢᠯ ᠤᠨ ᠵᠢᠯᠣᠭᠤᠳᠤᠯᠭ᠎ᠠ ᠬᠢᠭᠰᠡᠨ ᠠᠴᠠ ᠪᠢ ᠰᠠᠶ᠋ᠢ ᠥᠪᠡᠷ ᠤᠨ ᠪᠣᠷᠤᠭᠤ ᠪᠠᠨ ᠲᠠᠨᠢᠵᠤ ᠣᠯᠵᠠᠢ᠂ ᠤᠤᠯ ᠨᠢ ᠮᠢᠨᠤ ᠦᠵᠡᠬᠦ ᠪᠠᠷ ᠰᠠᠯᠠᠭ᠎ᠠ ᠨᠠᠮᠠᠭ᠎ᠠ ᠨᠢ ᠵᠤᠵᠠᠭᠠᠨ ᠪᠣᠯ ᠤᠨᠠᠯᠲᠠ ᠨᠢ ᠳᠡᠭᠡᠭᠰᠢᠯᠡᠴᠢᠬᠡᠨ᠎ᠡ ᠭᠡᠵᠦ ᠪᠤᠳᠤᠵᠤ ᠪᠠᠶᠢᠭᠰᠠᠨ ᠶᠤᠮ᠂ ᠤᠳᠤ ᠪᠠᠭᠰᠢ ᠶᠢᠨ ᠵᠢᠯᠣᠭᠤᠳᠤᠯᠭ᠎ᠠ ᠪᠠᠷ ᠰᠠᠯᠠᠭ᠎ᠠ ᠨᠠᠮᠠᠭ᠎ᠠ ᠶᠢ ᠵᠣᠬᠢᠰᠳᠠᠢ ᠬᠠᠶᠢᠴᠢᠯᠠᠪᠠᠯ ᠤᠨᠠᠯᠲᠠ ᠨᠢ ᠰᠠᠶ᠋ᠢ ᠳᠡᠭᠡᠭᠰᠢᠯᠡᠵᠦ ᠂ ᠵᠢᠮᠢᠰ ᠨᠢ ᠲᠤᠮᠤ᠂ ᠣᠷᠣᠯᠭ᠎ᠠ ᠨᠢ ᠰᠠᠶᠢᠨ ᠪᠤᠯᠵᠤ ᠴᠢᠳᠠᠬᠤ ᠶᠢ ᠮᠡᠳᠡᠯ᠎ᠡ︾ ᠭᠡᠵᠦ ᠬᠡᠯᠡᠵᠡᠢ᠃      ᠣᠶᠢᠯᠠᠭᠠᠭᠰᠠᠨ ᠢᠶᠠᠷ ᠂ ᠨᠠᠢᠮᠠᠨ ᠬᠤᠰᠢᠭᠤᠨ ᠳᠤ ᠣᠲᠣ 20 ᠲᠦᠮᠡᠨ ᠮᠦ ᠵᠢᠮᠢᠰ ᠤᠨ ᠮᠣᠳᠤᠨ ᠤ ᠠᠵᠤ ᠠᠬᠤᠢ ᠶᠢᠨ ᠣᠶ ᠲᠠᠢ ᠪᠠᠶᠢᠵᠤ ᠂ ᠲᠠᠷᠢᠶᠠᠴᠢᠳ ᠤᠨ ᠴᠢᠬᠤᠯᠠ ᠨᠢᠬᠡ ᠣᠷᠣᠯᠭ᠎ᠠ ᠶᠢᠨ ᠢᠷᠡᠯᠳᠠ ᠪᠣᠯᠣᠬᠰᠠᠨ ᠪᠠᠶᠢᠨ᠎ᠠ ᠃ ᠣᠷᠣᠯᠭ᠎ᠠ ᠶᠢ ᠨᠡᠩ ᠰᠠᠶᠢᠨ ᠪᠣᠯᠭᠠᠬᠤ ᠶᠢᠨ ᠲᠦᠯᠦᠬᠡ ᠲᠤᠰᠬᠠᠢ ᠮᠡᠷᠭᠡᠵᠢᠯᠲᠡᠨ ᠠᠴᠠ ᠬᠠᠪᠣᠷ ᠤᠨ ᠡᠨᠡ ᠭᠦ ᠴᠢᠬᠤᠯᠠ ᠴᠠᠭ ᠢ ᠠᠰᠢᠭᠯᠠᠨ ᠂ ᠪᠦᠭᠦ ᠬᠤᠰᠢᠭᠤᠨ ᠤ ᠬᠡᠪᠴᠢᠶᠡᠨ ᠳᠤ ᠬᠡᠰᠡᠭ ᠪᠦᠯᠦᠭ 50 ᠲᠠᠯᠠᠪᠤᠷ ᠵᠢᠮᠢᠰ ᠤᠨ ᠮᠣᠳᠤᠨ ᠤ ᠬᠠᠮᠢᠶᠠᠷᠤᠯᠲᠠ ᠶᠢᠨ ᠮᠡᠳᠡᠯᠭᠡ ᠶᠢᠨ ᠪᠣᠯᠪᠠᠰᠤᠷᠠᠯ ᠢ ᠦᠷᠨᠢᠭᠦᠯᠬᠦ ᠪᠠᠷ ᠲᠤᠬᠳᠠᠵᠤ᠂ ᠪᠥᠬᠦ ᠬᠤᠰᠢᠭᠤᠨ ᠤ ᠵᠢᠮᠢᠰ ᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠳᠤ ᠬᠦᠴᠦ ᠨᠡᠮᠡᠷᠢᠯᠡᠬᠦ ᠪᠠᠷ ᠴᠢᠷᠮᠠᠶᠢᠨ ᠠᠵᠢᠯᠯᠠᠵᠤ ᠪᠠᠶᠢᠨ᠎ᠠ ᠃ 
 
ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号