2 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ ᠶᠢᠨ ᠭᠠᠵᠠᠷ ᠤᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠯᠢ ᠮᠢᠨ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠵᠠᠩ ᠱᠧᠩ ᠵᠡᠷᠭᠡ ᠬᠥᠮᠥᠰ ᠰᠢᠯᠢ ᠶᠢᠨ | ᠭᠤᠣᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠬᠤᠯᠠᠲᠦ ᠭᠤᠣᠯ ᠪᠠᠯᠭᠠᠰᠤ ᠶᠢᠨ ᠤᠯᠤᠰ ᠤᠨ | ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠲᠥᠷᠥᠯ ᠵᠦᠢᠯ ᠳᠤ | ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠪᠠ ᠲᠤᠬᠠᠢ ᠶᠢᠨ ᠭᠠᠵᠠᠷ ᠲᠤ ᠨᠢ ᠬᠢᠨᠠᠨ ᠬᠠᠷᠭᠤᠭᠤᠯᠬᠤ ᠠᠵᠢᠯ | ᠥᠷᠨᠢᠭᠦᠯᠪᠡ᠃ ᠬᠢᠨᠠᠨ ᠬᠠᠷᠭᠤᠭᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ ᠂ | ᠮᠠᠲ᠋ᠧᠷᠢᠶᠠᠯ ᠪᠠᠶᠢᠴᠠᠭᠠᠨ ᠦᠵᠡᠬᠦ ᠵᠢᠴᠢ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠭᠠᠭᠤᠯᠤᠭᠴᠢ ᠠᠵᠤ | ᠠᠬᠤᠶᠢᠯᠠᠯ ᠪᠣᠯᠣᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ | ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠳᠤ ᠲᠤᠬᠠᠢ ᠶᠢᠨ ᠲᠠᠯᠠᠪᠠᠢ ᠶᠢᠨ ᠵᠢᠯᠣᠭᠤᠳᠤᠯᠭ᠎ᠠ ᠬᠢᠵᠡᠢ ᠃ | ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠶᠢᠨ ᠭᠤᠣᠯ ᠪᠠᠯᠭᠠᠰᠤ ᠶᠢᠨ ᠲᠠᠷᠢᠶᠠᠯᠠᠩ ᠤᠨ ᠠᠵᠤ | ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ | ᠣᠷᠣᠭᠤᠯᠤᠯᠲᠠ 2100 ᠲᠦᠮᠡᠨ ᠲᠥᠭᠦᠷᠢᠭ ᠪᠠᠶᠢᠵᠤ᠂ ᠭᠤᠣᠯᠳᠠᠭᠤ ᠠᠯᠠᠰᠢᠨ ᠬᠤᠨᠢᠨ ᠤ ᠦᠢᠯᠡᠳᠪᠦᠷᠢᠯᠡᠯ ᠤᠨ | ᠭᠤᠭᠴᠤᠭ᠎ᠠ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠳᠠᠭᠠᠭᠤᠯᠤᠭᠴᠢ ᠠᠵᠤ | ᠠᠬᠤᠶᠢᠯᠠᠯ ᠤᠨ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠬᠦ ᠳᠤ ᠬᠡᠷᠡᠭᠯᠡᠵᠦ᠂ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠮᠠᠯᠴᠢᠨ ᠲᠠᠷᠢᠶᠠᠴᠢᠨ ᠯᠤᠭ᠎ᠠ ᠨᠢᠭᠲᠠ ᠬᠤᠯᠪᠣᠯᠳᠤᠭᠰᠠᠨ | ᠲᠣᠭᠲᠠᠴᠠ ᠪᠠᠶᠢᠭᠤᠯᠵᠤ᠂ ᠮᠠᠯᠴᠢᠨ ᠲᠠᠷᠢᠶᠠᠴᠢᠨ ᠤ ᠠᠵᠤ ᠦᠢᠯᠡᠰ ᠤᠨ ᠬᠡᠯᠬᠢᠶ᠎ᠡ ᠶᠢᠨ ᠥᠷᠲᠡᠭ ᠤᠨ | ᠬᠤᠪᠢᠶᠠᠷᠢᠯᠠᠯᠲᠠ ᠶᠢᠨ ᠰᠢᠰᠲ᠋ᠧᠮᠵᠢ ᠳᠤ ᠨᠠᠩ ᠰᠠᠶᠢᠨ ᠠᠭᠤᠰᠤᠯᠴᠠᠬᠤ ᠶᠢ ᠠᠬᠢᠭᠤᠯᠤᠭᠰᠠᠨ ᠪᠠᠶᠢᠨ᠎ᠠ ᠃ | ᠲᠣᠰ ᠤᠳᠠᠭᠠᠨ ᠤ ᠲᠤᠬᠠᠢ ᠶᠢᠨ ᠭᠠᠵᠠᠷ ᠤᠨ ᠬᠢᠨᠠᠨ ᠬᠠᠷᠭᠤᠭᠤᠯᠤᠯᠲᠠ ᠨᠢ ᠪᠠᠷᠠᠭᠤᠨ ᠦᠵᠦᠮᠦᠴᠢᠨ | ᠬᠤᠰᠢᠭᠤᠨ ᠤ ᠬᠤᠭᠤᠯᠠᠳᠤ ᠶᠢᠨ ᠭᠤᠣᠯ ᠪᠠᠯᠭᠠᠰᠤ ᠶᠢᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ | ᠪᠠᠯᠭᠠᠰᠤ ᠶᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠲᠠᠷᠢᠶᠠᠯᠠᠩ ᠤᠨ ᠠᠵᠤ | ᠦᠢᠯᠡᠰ ᠤᠨ ᠬᠦᠴᠦᠷᠬᠡᠭ ᠪᠠᠯᠭᠠᠰᠤ ᠶᠢ ᠬᠤᠲᠠ ᠲᠠᠢ ᠬᠤᠯᠪᠣᠬᠤ᠂ ᠳᠣᠷᠣᠭᠰᠢ ᠬᠥᠳᠡᠭᠡ ᠲᠣᠰᠬᠤᠨ ᠲᠠᠢ ᠬᠤᠯᠪᠣᠬᠤ᠂ | ᠳᠣᠲᠣᠭᠠᠳᠤ ᠳᠤ ᠪᠠᠨ ᠬᠦᠴᠦᠨ ᠵᠦᠢᠯ ᠢ ᠲᠥᠪᠯᠡᠷᠡᠭᠦᠯᠬᠦ᠂ ᠭᠠᠳᠠᠭᠰᠢ ᠵᠠᠬ᠎ᠠ ᠳᠡᠯᠭᠡᠭᠦᠷ ᠢ ᠥᠷᠭᠡᠳᠬᠡᠬᠦ ᠨᠥᠯᠥᠭᠡᠯᠡᠨ | ᠳᠠᠶᠢᠴᠢᠯᠠᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠳᠤ ᠢᠳᠡᠪᠬᠢᠲᠡᠢ ᠵᠢᠯᠤᠭᠤᠳᠬᠤ ᠦᠢᠯᠡᠳᠦᠯ ᠦᠵᠡᠭᠦᠯᠪᠡ ᠃ | |